ᠫᠦᠲ᠋ᠢᠨ 2018 ᠤᠨ ᠤ ᠤᠷᠤᠰ ᠤᠨ ᠶᠡᠷᠦᠩᠬᠡᠶᠢᠯᠡᠭᠴᠢ ᠶᠢᠨ ᠰᠤᠩᠭ᠋ᠤᠭᠤᠯᠢ ᠳ᠋ᠤ ᠤᠷᠤᠯᠴᠠᠬᠤ ᠪᠡᠷ ᠵᠠᠷᠯᠠᠪᠠ 2017-12-07 16:41

    ᠰᠢᠨᠬᠤᠧᠠ ᠬᠤᠷᠢᠶ᠎ᠠ   ᠮᠤᠰᠺᠧᠠ 12 ᠰᠠᠷ᠎ᠠ ᠶᠢᠨ 6 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠠᠩ ᠴᠧᠠ ᠳ᠋ᠢ ) ᠤᠷᠤᠰ ᠤᠨ ᠶᠡᠷᠦᠩᠬᠡᠶᠢᠯᠡᠭᠴᠢ ᠫᠦᠲ᠋ᠢᠨ 6 ᠤ ᠡᠲᠦᠷ ᠬᠡᠯᠡᠬᠦ ᠳ᠋ᠡᠭᠡᠨ᠂ 2018 ᠤᠨ ᠤ 3 ᠰᠠᠷ᠎ᠠ ᠳ᠋ᠤ ᠶᠠᠪᠤᠭᠲᠠᠬᠤ ᠪᠡᠷ ᠪᠠᠶᠢᠭ᠎ᠠ ᠰᠢᠨ᠎ᠡ ᠨᠢᠭᠡ ᠬᠤᠭᠤᠴᠠᠭᠠᠨ ᠤ ᠤᠷᠤᠰ ᠤᠨ ᠶᠡᠷᠦᠩᠬᠡᠶᠢᠯᠡᠭᠴᠢ ᠶᠢᠨ ᠰᠤᠩᠭ᠋ᠤᠭᠤᠯᠢ ᠶᠢᠨ ᠦᠷᠢᠰᠦᠯᠲᠦᠭᠡᠨ ᠳ᠋ᠤ ᠤᠷᠤᠯᠴᠠᠨ᠎ᠠ ᠬᠡᠮᠡᠨ ᠲᠡᠷᠡ ᠪᠡᠷ ᠤᠨᠴᠠᠯᠠᠵᠠᠢ᠃

    ᠫᠦᠲ᠋ᠢᠨ ᠬᠡᠯᠡᠬᠦ ᠳ᠋ᠡᠭᠡᠨ᠄《ᠤᠷᠤᠰ ᠦᠷᠬᠦᠯᠵᠢᠯᠡᠨ ᠤᠷᠤᠭᠰᠢᠯᠠᠨ᠎ᠠ᠂ ᠬᠡᠨ ᠬᠦᠮᠦᠨ᠂ ᠬᠡᠵᠢᠶ᠎ᠡ  ᠴᠤ ᠭᠡᠰᠡᠨ ᠤᠷᠤᠭᠰᠢᠯᠠᠯᠲᠠ ᠶᠢᠨ ᠠᠯᠬᠤᠮ ᠢ ᠬᠤᠷᠢᠭᠯᠠᠵᠤ ᠲᠡᠶᠢᠯᠬᠦ ᠦᠭᠡᠢ》ᠭᠡᠵᠡᠢ᠃

    ᠰᠡᠬᠦᠯ ᠤᠨ ᠬᠡᠲᠦᠨ ᠰᠠᠷ᠎ᠠ ᠡᠴᠡ ᠨᠠᠰᠢ ᠫᠦᠲ᠋ᠢᠨ ᠤᠯᠠᠨ ᠤᠲᠠᠭᠠᠨ ᠤ ᠬᠤᠷᠠᠯ ᠴᠤᠭᠯᠠᠭᠠᠨ ᠳ᠋ᠤ 2018 ᠤᠨ ᠤ ᠶᠡᠷᠦᠩᠬᠡᠶᠢᠯᠡᠭᠴᠢ ᠶᠢᠨ ᠰᠤᠩᠭ᠋ᠤᠭᠤᠯᠢ ᠳ᠋ᠤ ᠤᠷᠤᠯᠴᠠᠬᠤ ᠡᠰᠡᠬᠦ ᠶᠢᠨ ᠶᠢᠡᠨ ᠲᠤᠬᠠᠢ ᠬᠦᠮᠦᠰ ᠲᠤ ᠬᠠᠷᠢᠭᠤᠯᠲᠠ ᠦᠭ᠍ᠭᠦᠭᠡ ᠦᠭᠡᠢ ᠪᠠᠶᠢᠬᠰᠠᠨ᠃

    ᠫᠦᠲ᠋ᠢᠨ ᠡᠨᠡ ᠵᠢᠯ 64 ᠨᠠᠰᠤᠲᠠᠢ᠂ 2000 ᠤᠨ ᠳ᠋ᠤ ᠤᠷᠤᠰ ᠤᠨ ᠶᠡᠷᠦᠩᠬᠡᠶᠢᠯᠡᠭᠴᠢ ᠶᠢᠨ ᠲᠤᠰᠢᠶᠠᠯ ᠳ᠋ᠤ ᠭᠠᠷᠴᠤ᠂ 2004 ᠤᠨ ᠳ᠋ᠤ ᠤᠯᠠᠷᠢᠨ ᠰᠤᠩᠭ᠋ᠤᠭᠲᠠᠪᠠ᠃ ᠤᠷᠤᠰ ᠤᠨ ᠦᠨᠳᠦᠰᠦᠨ ᠬᠠᠦᠯᠢ ᠳ᠋ᠤ᠂ ᠶᠡᠷᠦᠩᠬᠡᠶᠢᠯᠡᠭᠴᠢ ᠶᠢᠨ ᠲᠤᠰᠢᠶᠠᠯ ᠢ ᠬᠤᠶᠠᠷ ᠬᠤᠭᠤᠴᠠᠭ᠎ᠠ ᠡᠴᠡ ᠢᠯᠡᠬᠦᠦ ᠤᠯᠠᠷᠢᠨ ᠬᠠᠷᠢᠭᠤᠴᠠᠵᠤ ᠪᠤᠯᠬᠤ ᠦᠭᠡᠢ ᠬᠡᠵᠤ ᠲᠤᠭᠲᠠᠭᠠᠭᠰᠠᠨ ᠪᠤᠯᠬᠤᠷ ᠫᠦᠲ᠋ᠢᠨ 2008 ᠤᠨ ᠳ᠋ᠤ ᠶᠡᠷᠦᠩᠬᠡᠶᠢᠯᠡᠭᠴᠢ ᠶᠢᠨ ᠰᠤᠩᠭ᠋ᠤᠭᠤᠯᠢ ᠳ᠋ᠤ ᠤᠷᠤᠯᠴᠠᠭᠰᠠᠨ ᠦᠭᠡᠢ᠂ ᠬᠠᠷᠢᠨ ᠵᠠᠰᠠᠭ ᠤᠨ ᠭᠠᠵᠠᠷ ᠤᠨ ᠶᠡᠷᠦᠩᠬᠡᠢ ᠰᠠᠶᠢᠳ ᠤᠨ ᠲᠤᠰᠢᠶᠠᠯ ᠢ ᠬᠠᠷᠢᠭᠤᠴᠠᠪᠠ᠃ ᠮᠦᠨ ᠤᠨ ᠤ ᠡᠴᠦᠰ ᠶᠢᠡᠷ᠂ ᠤᠷᠤᠰ ᠤᠨ ᠳ᠋ᠦᠮ᠎ᠠ ᠡᠴᠡ ᠦᠨᠳᠦᠰᠦᠨ ᠬᠠᠦᠯᠢ ᠳ᠋ᠤ ᠵᠠᠰᠠᠪᠦᠷᠢ ᠤᠷᠤᠭᠤᠯᠬᠤ ᠲᠦᠰᠦᠯ ᠢ ᠪᠠᠲᠤᠯᠠᠵᠤ᠂ ᠶᠡᠷᠦᠩᠬᠡᠶᠢᠯᠡᠭᠴᠢ ᠶᠢᠨ ᠲᠤᠰᠢᠶᠠᠯ ᠡᠭᠦᠷᠭᠡᠯᠡᠬᠦ ᠬᠤᠭᠤᠴᠠᠭ᠎᠎ᠠ ᠶᠢ 4 ᠵᠢᠯ ᠪᠠᠶᠢᠭᠰᠠᠨ ᠡᠴᠡ ᠨᠢ 6 ᠵᠢᠯ ᠪᠤᠯᠭᠠᠨ ᠤᠷᠲᠤᠳᠬᠠᠵᠤ᠂ 2012 ᠤᠨ ᠡᠴᠡ ᠡᠬᠢᠯᠡᠨ ᠬᠡᠷᠡᠭᠵᠢᠬᠦᠯᠦᠭᠰᠡᠨ ᠶᠤᠮ᠃ 2012 ᠤᠨ ᠤ 3 ᠰᠠᠷ᠎ᠠ ᠳ᠋ᠤ ᠫᠦᠲ᠋ᠢᠨ ᠭᠤᠷᠪᠠᠳᠡᠬᠢ ᠤᠲᠠᠭ᠎ᠠ ᠪᠠᠨ ᠶᠡᠷᠦᠩᠬᠡᠶᠢᠯᠡᠭᠴᠢ ᠪᠡᠷ ᠰᠤᠩᠭ᠋ᠤᠭᠲᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122073884