蒙古文网站Logo
ᠰᠢᠨᠬᠤᠸᠠ ᠮᠤᠩᠭ᠋ᠤᠯ ᠨᠧᠲ

ᠤᠨ ᠤ ᠡᠬᠢᠨ ᠡᠴᠡ ᠨᠠᠰᠢ ᠰᠤᠮᠠᠯᠢ ᠶᠢᠨ 2000 ᠭᠠᠷᠤᠢ ᠢᠷᠭᠡᠨ ᠮᠦᠷᠬᠦᠯᠲᠦᠭᠡᠨ ᠤ ᠲᠤᠮᠲᠠ ᠠᠮᠢ ᠪᠠᠨ ᠠᠯᠲᠠᠪᠠ

2017-12-11 10:49

    ᠰᠢᠨᠬᠤᠧᠠ ᠬᠤᠷᠢᠶ᠎ᠠ   ᠨᠠᠶᠢᠷᠤᠪᠢ ᠶᠢᠨ 12 ᠰᠠᠷ᠎ᠠ ᠶᠢᠨ 10 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠢᠨ ᠵᠧᠩ᠂ ᠸᠠᠩ ᠰᠢᠶᠤᠤ ᠫᠧᠩ ) ᠮᠤᠭᠠᠳᠢᠱᠦ᠋ ᠶᠢᠨ ᠮᠡᠲᠡᠭᠡ᠄ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠬᠦᠮᠦᠨ ᠤ ᠡᠷᠬᠡ ᠶᠢᠨ ᠠᠵᠢᠯ ᠤᠨ ᠲᠡᠭᠡᠳᠦ ᠲᠤᠰᠢᠶᠠᠯᠲᠠᠨ ᠤ ᠠᠯᠪᠠᠨ ᠪᠠ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠰᠤᠮᠠᠯᠢ ᠶᠢ ᠬᠠᠪᠰᠤᠷᠤᠨ ᠲᠤᠰᠠᠯᠠᠬᠤ ᠪᠦᠯᠬᠦᠮ 10 ᠤ ᠡᠲᠦᠷ ᠬᠠᠮᠲᠤᠷᠠᠭᠰᠠᠨ ᠮᠡᠲᠡᠭᠡᠯᠡᠯ ᠨᠡᠶᠢᠲᠡᠯᠡᠵᠦ᠂ 2016 ᠤᠨ ᠤ 1 ᠰᠠᠷ᠎ᠠ ᠡᠴᠡ 2017 ᠤᠨ ᠤ 10 ᠰᠠᠷ᠎ᠠ ᠶᠢᠨ 14 ᠤ ᠡᠲᠦᠷ ᠤᠨ ᠬᠤᠭᠤᠷᠤᠨᠲᠤᠬᠢ ᠰᠤᠮᠠᠯᠢ ᠶᠢᠨ ᠬᠢᠯᠢ ᠳ᠋ᠤ ᠭᠠᠷᠤᠭᠰᠠᠨ ᠡᠯ᠎ᠡ ᠲᠦᠷᠦᠯ ᠤᠨ ᠵᠡᠪᠰᠡᠭᠲᠦ ᠮᠦᠷᠬᠦᠯᠲᠦᠭᠡᠨ ᠳ᠋ᠤ 2078 ᠡᠭᠡᠯ ᠢᠷᠭᠡᠨ ᠠᠮᠢ ᠪᠠᠨ ᠠᠯᠲᠠᠵᠤ᠂ 2507 ᠬᠦᠮᠦᠨ ᠰᠢᠷᠬᠠᠲᠤᠭᠰᠠᠨ ᠭᠡᠵᠡᠢ᠃

    ᠮᠦᠨ ᠮᠡᠲᠡᠭᠡᠯᠡᠯ ᠳ᠋ᠤ ᠲᠡᠮᠲᠡᠭᠯᠡᠭᠰᠡᠨ ᠶᠢᠡᠷ᠂ ᠲᠤᠰ ᠰᠠᠷ᠎ᠠ ᠶᠢᠨ 1 ᠤ ᠡᠲᠦᠷ ᠪᠤᠯᠲᠠᠯ᠎ᠠ᠂ 10 ᠰᠠᠷ᠎ᠠ ᠶᠢᠨ 14 ᠤ ᠡᠲᠦᠷ ᠨᠡᠶᠢᠰᠯᠡᠯ ᠮᠤᠭᠠᠳᠢᠱᠦ᠋ ᠳ᠋ᠤ ᠡᠭᠦᠰᠦᠭᠰᠡᠨ ᠮᠠᠰᠢᠨ ᠲᠡᠷᠭᠡ ᠪᠡᠷ ᠲᠡᠯᠪᠡᠴᠢᠨ ᠲᠠᠭᠠᠷᠢᠭᠰᠠᠨ ᠬᠡᠷᠡᠭ ᠲᠤ 512 ᠬᠦᠮᠦᠨ ᠠᠮᠢ ᠪᠠᠨ ᠠᠯᠲᠠᠵᠤ᠂ 316 ᠬᠦᠮᠦᠨ ᠰᠢᠷᠬᠠᠲᠤᠪᠠ᠃ ᠡᠨᠡ ᠨᠢ ᠲᠤᠰ ᠤᠯᠤᠰ ᠤᠨ ᠲᠡᠦᠬᠡᠨ ᠳ᠋ᠡᠬᠢ ᠬᠠᠮᠤᠭ ᠤᠨ ᠨᠤᠴᠢᠲᠠᠢ ᠨᠢᠭᠡ ᠤᠲᠠᠭᠠᠨ ᠤ ᠲᠠᠭᠠᠷᠢᠯᠲᠠ ᠶᠢᠨ ᠬᠡᠷᠡᠭ ᠪᠤᠯᠪᠠ᠃

    ᠰᠤᠮᠠᠯᠢ ᠶᠢᠨ ᠵᠡᠪᠰᠡᠭᠲᠦ ᠬᠦᠴᠦᠨ ᠤ ᠮᠦᠷᠬᠦᠯᠲᠦᠭᠡᠨ ᠨᠢ ᠲᠡᠳ᠋ ᠪᠦᠲᠦᠴᠡ ᠶᠢᠨ ᠪᠠᠶᠢᠭᠤᠯᠤᠯᠲᠠ ᠶᠢ ᠨᠦᠯᠦᠭᠡᠯᠡᠭᠰᠡᠨ ᠶᠢᠡᠷ ᠪᠠᠷᠠᠬᠤ ᠦᠭᠡᠢ ᠢᠷᠭᠡᠳ ᠤᠨ ᠠᠮᠢᠵᠢᠷᠠᠭᠠᠨ ᠢ ᠴᠤ ᠨᠦᠯᠦᠭᠡᠯᠡᠵᠦ᠂ ᠤᠯᠠᠩᠬᠢ ᠬᠦᠮᠦᠰ ᠭᠡᠷ ᠤᠷᠤᠨ ᠶᠢᠡᠨ ᠠᠯᠲᠠᠵᠤ᠂ ᠬᠦᠮᠦᠯᠢᠭ ᠦᠵᠡᠯ ᠤᠨ ᠲᠡᠮᠵᠢᠯᠭᠡ ᠶᠢ ᠪᠠᠰᠠ ᠬᠠᠷᠰᠢᠯᠠᠪᠠ᠃

    ᠲᠤᠰ ᠮᠡᠲᠡᠬᠦᠯᠦᠯᠲᠡ ᠨᠢ ᠰᠤᠮᠠᠯᠢ ᠶᠢᠨ ᠡᠯ᠎ᠡ ᠲᠠᠯ᠎ᠠ ᠶᠢᠨ ᠬᠢᠨ ᠢ ᠬᠡᠷᠡᠭᠵᠢᠬᠦᠯᠵᠦ ᠪᠤᠯᠬᠤᠶᠢᠴᠠ ᠠᠷᠭ᠎ᠠ ᠬᠡᠮᠵᠢᠶ᠎ᠠ ᠠᠪᠴᠤ ᠢᠷᠭᠡᠳ ᠪᠠ ᠢᠷᠭᠡᠳ ᠤᠨ ᠬᠡᠷᠡᠭᠯᠡᠭᠡᠨ ᠤ ᠲᠡᠳ᠋ ᠪᠦᠲᠦᠴᠡ ᠶᠢ ᠬᠠᠮᠠᠭᠠᠯᠠᠨ᠂ ᠠᠮᠠᠷᠬᠠᠨ ᠲᠡᠯᠪᠡᠷᠡᠬᠦ ᠡᠳ᠋ ᠢ ᠢᠷᠭᠡᠳ ᠤᠨ ᠰᠠᠭᠤᠭᠠᠯᠢ ᠲᠤᠭᠤᠷᠢᠭ ᠲᠤ ᠬᠡᠷᠡᠭᠯᠡᠬᠦ ᠡᠴᠡ ᠲᠠᠲᠠᠭᠠᠯᠵᠤ᠂ ᠬᠠᠦᠯᠢ ᠪᠤᠰᠤ ᠵᠡᠪᠰᠡᠭᠲᠦ ᠪᠦᠯᠦᠭᠲᠡᠨ ᠪᠠ ᠡᠷᠦᠬᠡ ᠶᠢᠨ ᠴᠡᠷᠢᠭ ᠤᠨ ᠵᠤᠬᠢᠶᠠᠨ ᠪᠠᠶᠢᠭᠤᠯᠤᠯᠲᠠ ᠶᠢ ᠲᠠᠷᠬᠠᠭᠠᠬᠤ ᠶᠢ ᠤᠷᠢᠶᠠᠯᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122090401