ᠠᠮᠧᠷᠢᠺᠠ ᠶᠢᠨ ᠰᠠᠨᠰᠠᠷᠴᠢᠨ ᠰᠠᠷᠠᠨ ᠪᠦᠮᠪᠦᠷᠴᠡᠭ ᠤᠷᠤᠭᠤ ᠲᠠᠬᠢᠨ ᠪᠤᠴᠠᠨ᠎ᠠ ᠭᠡᠵᠦ ᠲᠷᠠᠮᠫ ᠤᠨᠴᠠᠯᠠᠪᠠ 2017-12-12 11:24

    ᠰᠢᠨᠬᠤᠧᠠ ᠬᠤᠷᠢᠶ᠎ᠠ   ᠸᠠᠰᠢᠩᠲ᠋ᠤᠨ ᠤ 12 ᠰᠠᠷ᠎ᠠ ᠶᠢᠨ 11 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠢᠨ ᠰᠢᠶᠤᠤ ᠴᠦᠨ ) 11 ᠤ ᠡᠲᠦᠷ ᠠᠮᠧᠷᠢᠺᠠ ᠶᠢᠨ ᠶᠡᠷᠦᠩᠬᠡᠶᠢᠯᠡᠭᠴᠢ ᠲᠷᠠᠮᠫ ᠰᠠᠨᠰᠠᠷ ᠤᠭᠲᠠᠷᠭᠤᠢ ᠶᠢᠨ ᠲᠦᠷᠦ ᠶᠢᠨ ᠪᠤᠲᠤᠯᠭ᠎ᠠ ᠳ᠋ᠤ ᠭᠠᠷ ᠤᠨ ᠦᠰᠦᠭ ᠵᠢᠷᠤᠨ᠂ ᠠᠮᠧᠷᠢᠺᠠ ᠶᠢᠨ ᠰᠠᠨᠰᠠᠷᠴᠢᠨ ᠲᠠᠬᠢᠨ ᠰᠠᠷᠠᠨ ᠪᠦᠮᠪᠦᠷᠴᠡᠭ ᠤᠷᠤᠭᠤ ᠪᠤᠴᠠᠵᠤ ᠡᠴᠦᠰ ᠲᠡᠭᠡᠨ ᠭᠠᠯ ᠭᠠᠷᠠᠭ ᠲᠤ ᠬᠦᠷᠬᠦ ᠪᠤᠯᠤᠨ᠎ᠠ ᠭᠡᠵᠡᠢ᠃

    ᠲᠤᠬᠠᠢ ᠶᠢᠨ ᠡᠲᠦᠷ ᠴᠠᠭᠠᠨ ᠤᠷᠲᠤᠨ ᠳ᠋ᠤ ᠪᠤᠯᠤᠭᠰᠠᠨ ᠭᠠᠷ ᠤᠨ ᠦᠰᠦᠭ ᠵᠢᠷᠤᠬᠤ ᠶᠤᠰᠤᠯᠠᠯ ᠤᠨ ᠦᠶ᠎ᠠ ᠪᠡᠷ ᠠᠮᠧᠷᠢᠺᠠ ᠰᠠᠷᠠᠨ ᠪᠦᠮᠪᠦᠷᠴᠡᠭ ᠲᠤ ᠤᠯᠤᠰ ᠤᠨ ᠶᠢᠡᠨ ᠲᠤᠭ ᠢ ᠬᠠᠳᠬᠤᠬᠤ ᠪᠡᠷ ᠪᠠᠷᠠᠬᠤ ᠦᠭᠡᠢ ᠤᠯᠠ ᠮᠦᠷ ᠶᠢᠡᠨ ᠴᠤ ᠦᠯᠡᠲᠡᠭᠡᠵᠦ᠂ ᠬᠦᠮᠦᠨ ᠲᠡᠭᠡᠭᠡᠨ ᠭᠠᠯ ᠭᠠᠷᠠᠭ ᠲᠤ ᠬᠦᠷᠬᠦ ᠡᠭᠦᠷᠭᠡ ᠳ᠋ᠡᠭᠡᠨ ᠰᠠᠭᠤᠷᠢ ᠲᠠᠯᠪᠢᠬᠤ ᠪᠤᠯᠤᠨ᠎ᠠ᠂ ᠢᠷᠡᠭᠡᠲᠦᠢ ᠳ᠋ᠤ ᠭᠠᠯ ᠭᠠᠷᠠᠭ ᠡᠴᠡ ᠪᠤᠰᠤᠳ ᠤᠨᠲᠤᠤ ᠭᠠᠷᠠᠭ ᠲᠤ ᠪᠠᠰᠠ ᠬᠦᠷᠬᠦ ᠪᠤᠯᠤᠨ᠎ᠠ ᠭᠡᠵᠦ ᠲᠷᠠᠮᠫ ᠤᠨᠴᠠᠯᠠᠵᠠᠢ᠃

    ᠲᠷᠠᠮᠫ ᠠᠮᠧᠷᠢᠺᠠ ᠶᠢᠨ ᠰᠠᠨᠰᠠᠷᠴᠢᠳ ᠤᠨ ᠰᠠᠷᠠᠨ ᠪᠦᠮᠪᠦᠷᠴᠡᠭ ᠤᠷᠤᠭᠤ ᠪᠤᠴᠠᠬᠤ ᠪᠤᠲᠠᠲᠠᠢ ᠴᠠᠭ ᠤᠨ ᠲᠤᠬᠠᠢ ᠲᠤᠲᠤᠷᠬᠠᠶᠢᠯᠠᠭ᠎ᠠ ᠦᠭᠡᠢ᠃

    ᠬᠦᠮᠦᠨ ᠲᠦᠷᠦᠯᠬᠢᠲᠡᠨ 1972 ᠤᠨ ᠤ 12 ᠰᠠᠷ᠎ᠠ ᠶᠢᠨ 11 ᠤ ᠡᠲᠦᠷ ᠠᠫᠤᠯᠤ᠋ 17 ᠨᠡᠷᠡᠮᠵᠢᠲᠦ ᠰᠠᠨᠰᠠᠷ ᠤᠨ ᠬᠦᠯᠬᠡ ᠪᠡᠷ ᠠᠩᠬ᠎ᠠ ᠤᠲᠠᠭ᠎ᠠ ᠰᠠᠷᠠᠨ ᠪᠦᠮᠪᠦᠷᠴᠡᠭ ᠲᠤ ᠬᠦᠷᠦᠭᠰᠡᠨ᠂ ᠤᠲᠤ ᠪᠤᠯᠬᠤ ᠳ᠋ᠤ 45 ᠵᠢᠯ ᠤᠨ ᠨᠢᠭᠤᠷ ᠢ ᠦᠵᠡᠵᠦ ᠪᠠᠶᠢᠨ᠎ᠠ᠃

    ᠲᠷᠠᠮᠫ ᠵᠠᠰᠠᠭ ᠤᠨ ᠡᠷᠬᠡ ᠠᠳᠬᠤᠭᠰᠠᠨ ᠤ ᠲᠠᠷᠠᠭ᠎ᠠ ᠠᠭᠤᠷ ᠠᠮᠢᠰᠬᠤᠯ ᠤᠨ ᠬᠤᠪᠢᠷᠠᠯᠲᠠ᠂ ᠡᠮᠴᠢᠯᠡᠭᠡ ᠵᠡᠷᠭᠡ ᠤᠯᠠᠨ ᠰᠠᠯᠪᠤᠷᠢ ᠶᠢᠨ ᠰᠢᠨᠵᠢᠯᠡᠭᠡᠨ ᠤ ᠮᠦᠩᠬᠦ ᠶᠢ ᠪᠠᠭᠠᠰᠭᠠᠭᠰᠠᠨ ᠪᠤᠯᠪᠠᠴᠤ ᠰᠠᠨᠰᠠᠷ ᠤᠭᠲᠠᠷᠭᠤᠢ ᠶᠢᠨ ᠬᠦᠷᠢᠶᠠᠨ ᠳ᠋ᠡᠬᠢ ᠰᠢᠨᠵᠢᠯᠡᠭᠡ ᠰᠤᠲᠤᠯᠭᠠᠨ ᠢ ᠨᠡᠩ ᠴᠢᠬᠤᠯᠠᠴᠢᠯᠠᠵᠤ᠂ 2033 ᠤᠨ ᠳ᠋ᠤ ᠭᠠᠯ ᠭᠠᠷᠠᠭ ᠢ ᠬᠠᠶᠢᠨ ᠰᠢᠨᠵᠢᠯᠡᠬᠦ ᠪᠠ 《ᠤᠯᠤᠰ ᠤᠨ ᠰᠠᠨᠰᠠᠷ ᠤᠭᠲᠠᠷᠭᠤᠢ ᠶᠢᠨ ᠵᠦᠪᠯᠡᠯ》 ᠢ᠋ ᠲᠠᠬᠢᠨ ᠪᠠᠶᠢᠭᠤᠯᠬᠤ ᠠᠵᠢᠯ ᠢ ᠡᠬᠢᠯᠡᠬᠦᠯᠬᠦ ᠪᠡᠷ ᠪᠤᠯᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122097505