ᠫᠦᠲ᠋ᠢᠨ ᠵᠠᠷᠯᠢᠭ ᠪᠠᠭᠤᠯᠭᠠᠵᠤ ᠤᠷᠤᠰ ᠰᠢᠷᠢᠶ᠎ᠠ ᠡᠴᠡ ᠴᠡᠷᠢᠭ ᠢᠶᠡᠨ ᠳᠠᠳᠠᠨ᠎ᠠ ᠬᠡᠪᠡ 2017-12-12 16:06

    ᠰᠢᠨᠬᠤᠧᠠ ᠬᠤᠷᠢᠶ᠎ᠠ   ᠳ᠋ᠠᠮᠠᠱᠠᠺ ᠤᠨ 12 ᠰᠠᠷ᠎ᠠ ᠶᠢᠨ 11 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠧᠩ ᠢ ᠬᠠᠨ ) 11 ᠤ ᠡᠲᠦᠷ ᠤᠷᠤᠰ ᠤᠨ ᠶᠡᠷᠦᠩᠬᠡᠶᠢᠯᠡᠭᠴᠢ ᠫᠦᠲ᠋ᠢᠨ ᠤᠷᠤᠰ ᠡᠴᠡ ᠰᠢᠷᠢᠶ᠎ᠠ ᠳ᠋ᠤ ᠰᠠᠭᠤᠭ᠎ᠠ ᠨᠢᠭᠡ ᠴᠡᠷᠢᠭ ᠤᠨ ᠬᠤᠧᠠᠷᠠᠨ ᠳ᠋ᠤ ᠬᠡᠯᠡᠬᠦ ᠳ᠋ᠡᠭᠡᠨ᠂ ᠤᠷᠤᠰ ᠰᠢᠷᠢᠶ᠎ᠠ ᠡᠴᠡ ᠴᠡᠷᠢᠭ ᠢᠶᠡᠨ ᠳᠠᠳᠠᠬᠤ ᠪᠡᠷ ᠪᠤᠯᠤᠭᠰᠠᠨ ᠭᠡᠵᠡᠢ᠃

    ᠰᠢᠷᠢᠶ᠎ᠠ ᠶᠢᠨ ᠶᠡᠷᠦᠩᠬᠡᠶᠢᠯᠡᠭᠴᠢ ᠶᠢᠨ ᠠᠯᠪᠠᠨ ᠲᠤᠰᠢᠶᠠᠯᠲᠠᠨ ᠬᠡᠪᠯᠡᠯ ᠮᠡᠲᠡᠭᠡᠯᠡᠯ ᠤᠨ ᠰᠤᠷᠪᠤᠯᠵᠢᠯᠠᠭ᠎ᠠ ᠶᠢ ᠬᠦᠯᠢᠶᠡᠬᠦ ᠳ᠋ᠡᠭᠡᠨ᠂ ᠲᠤᠬᠠᠢ ᠶᠢᠨ ᠡᠲᠦᠷ ᠫᠦᠲ᠋ᠢᠨ ᠰᠢᠷᠢᠶ᠎ᠠ ᠳ᠋ᠡᠬᠢ ᠤᠷᠤᠰ ᠤᠨ ᠴᠡᠷᠢᠭ ᠤᠨ ᠬᠤᠧᠠᠷᠠᠨ ᠳ᠋ᠤ ᠬᠦᠷᠦᠭᠰᠡᠨ ᠪᠦᠭᠡᠳ ᠰᠢᠷᠢᠶ᠎ᠠ ᠶᠢᠨ ᠶᠡᠷᠦᠩᠬᠡᠶᠢᠯᠡᠭᠴᠢ ᠪᠠᠱᠧᠷ ᠲᠠᠢ ᠠᠭᠤᠯᠵᠠᠵᠤ ᠬᠠᠮᠲᠤ ᠪᠡᠷ ᠴᠡᠷᠢᠭ ᠰᠢᠯᠭᠠᠨ ᠦᠵᠡᠪᠡ ᠭᠡᠵᠡᠢ᠃

    2015 ᠤᠨ ᠤ 9 ᠰᠠᠷ᠎ᠠ ᠳ᠋ᠤ᠂ ᠤᠷᠤᠰ ᠰᠢᠷᠢᠶ᠎ᠠ ᠶᠢᠨ ᠵᠠᠰᠠᠭ ᠤᠨ ᠭᠠᠵᠠᠷ ᠤᠨ ᠤᠷᠢᠯᠭ᠎ᠠ ᠪᠡᠷ ᠲᠠᠪᠠᠷᠠᠮᠠᠲᠠᠭᠠᠢ ᠪᠦᠯᠦᠭᠲᠡᠨ ᠳ᠋ᠤ ᠴᠡᠷᠢᠭ ᠤᠨ ᠶᠠᠪᠤᠲᠠᠯ ᠤᠨ ᠴᠤᠬᠢᠯᠲᠠ ᠶᠠᠪᠤᠭᠤᠯᠪᠠ᠃ ᠦᠩᠭᠡᠷᠡᠭᠰᠡᠨ ᠤᠨ ᠤ 3 ᠰᠠᠷ᠎ᠠ ᠶᠢᠨ 15 ᠤ ᠡᠲᠦᠷ ᠰᠢᠷᠢᠶ᠎ᠠ ᠳ᠋ᠤ ᠰᠠᠭᠤᠭ᠎ᠠ ᠤᠷᠤᠰ ᠤᠨ ᠴᠡᠷᠢᠭ ᠤᠨ ᠭᠤᠤᠯ ᠬᠦᠴᠦᠨ ᠰᠢᠷᠢᠶ᠎ᠠ ᠡᠴᠡ ᠡᠬᠢᠯᠡᠨ ᠤᠬᠤᠷᠢᠭᠰᠠᠨ ᠴᠤ ᠤᠷᠤᠰ ᠤᠨ ᠲᠠᠯ᠎ᠠ ᠶᠢᠨ ᠬᠢᠨ ᠨᠢᠭᠡ ᠠᠭᠠᠷ ᠤᠨ ᠴᠡᠷᠢᠭ ᠤᠨ ᠰᠠᠭᠤᠷᠢᠨ ᠪᠠ ᠲᠠᠯᠠᠢ ᠶᠢᠨ ᠴᠡᠷᠢᠭ ᠤᠨ ᠰᠠᠭᠤᠷᠢᠨ ᠶᠢᠡᠨ ᠦᠯᠡᠲᠡᠭᠡᠨ᠎ᠡ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122099045