蒙古文网站Logo
ᠰᠢᠨᠬᠤᠸᠠ ᠮᠤᠩᠭ᠋ᠤᠯ ᠨᠧᠲ

ᠤᠷᠤᠰ ᠤᠨ ᠤᠯᠢᠮᠫᠢᠺ ᠤᠨ ᠵᠦᠪᠯᠡᠯ ᠲᠠᠮᠢᠷᠴᠢᠳ ᠢᠶᠡᠨ ᠳᠦᠪ ᠢ ᠰᠠᠬᠢᠬᠤ ᠤᠪᠤᠷ ᠢᠶᠡᠷ ᠡᠪᠦᠯ ᠤᠨ ᠤᠯᠢᠮᠫᠢᠺ ᠲᠤ ᠤᠷᠤᠯᠴᠠᠬᠤ ᠶᠢ ᠳᠠᠮᠵᠢᠪᠠ

2017-12-14 14:57

    ᠰᠢᠨᠬᠤᠧᠠ ᠬᠤᠷᠢᠶ᠎ᠠ  ᠮᠣᠰᠺᠧᠨ ᠶᠢᠨ 12 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠠᠨ ᠰᠢᠶᠤᠤ ᠮᠧᠩ) ᠤᠷᠤᠰ ᠤᠨ ᠤᠯᠢᠮᠫᠢᠺ ᠤᠨ ᠭᠦᠢᠴᠡᠳᠭᠡᠬᠦ ᠵᠦᠪᠯᠡᠯ 12 ᠤᠨ ᠡᠳᠦᠷ ᠮᠣᠰᠺᠧᠨ ᠳᠤ ᠬᠤᠷᠠᠯ ᠡᠷᠬᠢᠯᠡᠪᠠ᠃ ᠬᠤᠷᠠᠯ ᠢᠶᠡᠷ᠂ ᠲᠤᠰ ᠤᠯᠤᠰ ᠤᠨ ᠢᠶᠡᠨ ᠲᠠᠮᠢᠷᠴᠢᠳ ᠢ ᠳᠦᠪ ᠢ ᠰᠠᠬᠢᠬᠤ ᠤᠪᠤᠷ ᠢᠶᠡᠷ ᠢᠷᠡᠬᠦ ᠵᠢᠯ ᠺᠣᠷᠢᠶᠠ ᠶᠢᠨ ᠫᠢᠶᠧᠩᠼᠠᠩ ᠳᠤ ᠶᠠᠪᠤᠭᠳᠠᠬᠤ ᠡᠪᠦᠯ ᠤᠨ ᠤᠯᠢᠮᠫᠢᠺ ᠲᠤ ᠤᠷᠤᠯᠴᠠᠬᠤ ᠶᠢ ᠨᠢᠬᠡᠳᠤᠯᠲᠠᠢ ᠳᠠᠮᠵᠢᠭ᠍ᠰᠡᠨ ᠪᠠᠶᠢᠨ᠎ᠠ᠃

    12 ᠰᠠᠷ᠎ᠠ ᠶᠢᠨ 5 ᠤ ᠡᠲᠦᠷ ᠤᠯᠠᠨ ᠤᠯᠤᠰ ᠤᠨ ᠤᠯᠢᠮᠫᠢᠺ ᠤᠨ ᠭᠦᠢᠴᠡᠳᠭᠡᠬᠦ ᠵᠦᠪᠯᠡᠯ ᠨᠢ ᠤᠷᠤᠰ ᠬᠦᠬᠡᠷᠦᠭᠦᠯᠦᠭᠴᠢ ᠡᠰᠡᠷᠭᠦᠴᠡᠬᠦ ᠠᠵᠢᠯ ᠢ ᠰᠢᠰᠲ᠋ᠧᠮ ᠲᠠᠢ ᠡᠷᠭᠡᠰᠢᠶᠡᠭᠰᠡᠨ ᠰᠢᠯᠲᠠᠭ ᠢᠶᠡᠷ᠂ 2018 ᠤᠨ ᠳ᠋ᠤ ᠫᠢᠶᠧᠩᠼᠠᠩ ᠳ᠋ᠤ ᠶᠠᠪᠤᠭᠲᠠᠬᠤ ᠡᠪᠦᠯ ᠤᠨ ᠤᠯᠢᠮᠫᠢᠺ ᠲᠤ ᠤᠷᠤᠰ ᠤᠨ ᠲᠦᠯᠦᠬᠡᠯᠡᠬᠦ ᠪᠠᠭ ᠤᠨ ᠬᠢᠨ ᠢ ᠤᠷᠤᠯᠴᠠᠭᠤᠯᠬᠤ ᠦᠭᠡᠢ᠂ ᠨᠦᠬᠦᠴᠡᠯ ᠳ᠋ᠤ ᠬᠦᠷᠦᠭᠰᠡᠨ ᠲᠠᠮᠢᠷᠴᠢᠳ《ᠤᠷᠤᠰ ᠡᠴᠡ ᠢᠷᠡᠭᠰᠡᠨ ᠤᠯᠢᠮᠫᠢᠺ ᠤᠨ ᠲᠠᠮᠢᠷᠴᠢᠳ》 ᠤᠨ ᠨᠡᠷ᠎ᠡ ᠶᠢᠨ ᠡᠮᠦᠨ᠎ᠠ ᠡᠴᠡ ᠬᠤᠪᠢ ᠬᠦᠮᠦᠨ ᠤ ᠪᠤᠶᠤ ᠪᠠᠭ ᠤᠨ ᠲᠡᠮᠡᠴᠡᠭᠡᠨ ᠤ ᠲᠦᠷᠦᠯ ᠳ᠋ᠤ ᠤᠷᠤᠯᠴᠠᠵᠤ ᠪᠤᠯᠤᠨ᠎ᠠ᠂ ᠬᠡᠬᠦ ᠳᠤ ᠪᠡᠨ ᠤᠷᠤᠰ ᠤᠨ ᠤᠯᠤᠰ ᠤᠨ ᠲᠤᠭ ᠪᠠ ᠤᠯᠤᠰ ᠤᠨ ᠰᠦᠯᠲᠠ ᠲᠠᠭᠤᠤ ᠶᠢ ᠶᠠᠮᠠᠷ ᠴᠤ ᠬᠡᠯᠪᠡᠷᠢ ᠪᠡᠷ ᠢᠯᠡᠷᠡᠬᠦᠯᠵᠦ ᠪᠤᠯᠬᠤ ᠦᠭᠡᠢ ᠬᠡᠰᠡᠨ ᠰᠢᠢᠳᠪᠤᠷᠢ ᠭᠠᠷᠭᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122110021