蒙古文网站Logo
ᠰᠢᠨᠬᠤᠸᠠ ᠮᠤᠩᠭ᠋ᠤᠯ ᠨᠧᠲ

ᠫᠦᠲ᠋ᠢᠨ᠄ ᠠᠮᠧᠷᠢᠺᠠ ᠶᠢᠨ ᠲᠠᠯ᠎ᠠ ᠶᠢᠨ ᠬᠢᠨ ᠰᠠᠨᠲ ᠫᠧ᠌ᠲ᠋ᠧᠷᠪᠦ᠋ᠷᠡᠭ ᠤᠨ ᠬᠤᠤᠪᠢᠯᠲᠤᠯᠭ᠎ᠠ ᠶᠢ ᠬᠠᠮᠵᠢᠨ ᠪᠤᠲᠠ ᠨᠢᠷᠭᠡᠭ᠍ᠰᠡᠨ ᠳ᠋ᠤ ᠪᠠᠶᠠᠷᠯᠠᠯ᠎ᠠ

2017-12-18 16:52

    ᠰᠢᠨᠬᠤᠧᠠ ᠬᠤᠷᠢᠶ᠎ᠠ   ᠮᠤᠰᠺᠧᠠ ᠶᠢᠨ 12 ᠰᠠᠷ᠎ᠠ ᠶᠢᠨ 17 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠬᠤ ᠰᠢᠶᠤᠤ ᠭᠤᠧᠠᠩ᠂ ᠱᠢ ᠬᠤᠤ ) 17 ᠤ ᠡᠲᠦᠷ ᠤᠷᠤᠰ ᠤᠨ ᠶᠡᠷᠦᠩᠬᠡᠶᠢᠯᠡᠭᠴᠢ ᠶᠢᠨ ᠬᠡᠪᠯᠡᠯ ᠮᠡᠲᠡᠭᠡᠯᠡᠯ ᠤᠨ ᠠᠯᠪᠠᠨ ᠡᠴᠡ ᠮᠡᠲᠡᠭᠡ ᠨᠡᠶᠢᠲᠡᠯᠡᠵᠦ᠂ ᠲᠤᠬᠠᠢ ᠶᠢᠨ ᠡᠲᠦᠷ ᠤᠷᠤᠰ ᠤᠨ ᠶᠡᠷᠦᠩᠬᠡᠶᠢᠯᠡᠭᠴᠢ ᠫᠦᠲ᠋ᠢᠨ ᠠᠮᠧᠷᠢᠺᠠ ᠶᠢᠨ ᠶᠡᠷᠦᠩᠬᠡᠶᠢᠯᠡᠭᠴᠢ ᠲᠷᠠᠮᠫ ᠲᠠᠢ ᠤᠲᠠᠰᠤ ᠪᠡᠷ ᠬᠠᠷᠢᠯᠴᠠᠨ᠂ ᠠᠮᠧᠷᠢᠺᠠ ᠶᠢᠨ ᠲᠦᠪ ᠤᠨ ᠮᠡᠲᠡᠭᠡᠯᠡᠯ ᠤᠨ ᠲᠤᠪᠴᠢᠶ᠎ᠠ ᠤᠷᠤᠰ ᠤᠨ ᠲᠠᠯ᠎ᠠ ᠶᠢᠨ ᠬᠢᠨ ᠢ ᠬᠠᠮᠵᠢᠵᠤ ᠰᠠᠨᠲ ᠫᠧᠲ᠋ᠧᠷᠪᠦ᠋ᠷᠡᠭ ᠲᠤ ᠡᠭᠦᠰᠬᠦ ᠪᠡᠷ ᠪᠠᠶᠢᠬᠰᠠᠨ ᠰᠦᠷᠲᠡᠬᠦᠯᠦᠯ ᠲᠠᠭᠠᠷᠢᠯᠲᠠ ᠢᠢ ᠪᠤᠲᠠ ᠨᠢᠷᠭᠡᠭ᠍ᠰᠡᠨ ᠳ᠋ᠤ ᠪᠠᠶᠠᠷᠯᠠᠭᠰᠠᠨ ᠰᠡᠳᠬᠢᠯ ᠶᠢᠡᠨ ᠢᠯᠡᠳᠭᠡᠪᠡ ᠭᠡᠵᠡᠢ᠃

    ᠫᠦᠲ᠋ᠢᠨ ᠢᠯᠡᠷᠬᠡᠶᠢᠯᠡᠭᠰᠡᠨ ᠶᠢᠡᠷ᠂ ᠤᠷᠤᠰ ᠤᠨ ᠮᠡᠲᠡᠭᠡᠯᠡᠯ ᠤᠨ ᠰᠠᠯᠠᠭ᠎ᠠ ᠮᠦᠴᠢᠷ ᠠᠮᠧᠷᠢᠺᠠ ᠪᠤᠶᠤ ᠠᠮᠧᠷᠢᠺᠠ ᠶᠢᠨ ᠢᠷᠭᠡᠳ ᠰᠦᠷᠲᠡᠬᠦᠯᠦᠯ ᠲᠠᠭᠠᠷᠢᠯᠲᠠ ᠳ᠋ᠤ ᠤᠴᠠᠷᠠᠭᠰᠠᠨ ᠮᠡᠲᠡᠭᠡ ᠲᠠᠩᠨᠠᠨ ᠤᠯᠤᠭᠰᠠᠨ ᠪᠠᠶᠢᠪᠠᠯ ᠨᠦᠬᠦᠴᠡᠯ ᠦᠭᠡᠢ ᠪᠡᠷ ᠠᠮᠧᠷᠢᠺᠠ ᠶᠢᠨ ᠲᠠᠯ᠎ᠠ ᠳ᠋ᠤ ᠬᠠᠩᠭ᠋ᠠᠬᠤ ᠪᠤᠯᠤᠨ᠎ᠠ ᠭᠡᠵᠡᠢ᠃

    17 ᠤ ᠡᠲᠦᠷ ᠠᠮᠧᠷᠢᠺᠠ ᠶᠢᠨ ᠴᠠᠭᠠᠨ ᠤᠷᠲᠤᠨ ᠢᠯᠡᠷᠬᠡᠶᠢᠯᠡᠯᠲᠡ ᠨᠡᠶᠢᠲᠡᠯᠡᠵᠦ᠂ ᠫᠦᠲ᠋ᠢᠨ ᠤᠲᠠᠰᠤ ᠪᠡᠷ ᠬᠠᠷᠢᠯᠴᠠᠭᠰᠠᠨ ᠤᠴᠢᠷ ᠢ ᠲᠷᠠᠮᠫ ᠮᠠᠭᠲᠠᠨ ᠰᠠᠶᠢᠰᠢᠶᠠᠵᠤ᠂ ᠲᠡᠬᠦᠨ ᠢ ᠪᠠᠭᠲᠠᠭᠠᠭᠰᠠᠨ ᠠᠮᠧᠷᠢᠺᠠ ᠶᠢᠨ ᠮᠡᠲᠡᠭᠡᠯᠡᠯ ᠤᠨ ᠰᠢᠰᠲ᠋ᠧᠮ ᠤᠨ ᠬᠢᠨ ᠤᠯᠠᠨ ᠬᠦᠮᠦᠨ ᠤ ᠠᠮᠢ ᠨᠠᠰᠤ ᠶᠢ ᠠᠪᠤᠷᠠᠭᠰᠠᠨ ᠳ᠋ᠤ ᠪᠠᠶᠠᠷᠯᠠᠵᠤ ᠪᠠᠶᠢᠨ᠎ᠠ᠃ ᠨᠢᠭᠤᠴᠠ ᠮᠡᠲᠡᠭᠡᠨ ᠤ ᠬᠠᠮᠲᠤᠷᠠᠯᠴᠠᠭ᠎ᠠ ᠨᠢ ᠡᠯ᠎ᠡ ᠭᠠᠵᠠᠷ ᠤᠨ ᠬᠢᠨ ᠤ ᠲᠠᠪᠠᠷᠠᠮᠠᠲᠠᠭᠠᠢ ᠪᠦᠯᠦᠭᠲᠡᠨ ᠳᠤ ᠴᠤᠬᠢᠯᠲᠠ ᠦᠭ᠍ᠬᠦ ᠳ᠋ᠤ ᠲᠦᠢᠯ ᠤᠨ ᠴᠢᠬᠤᠯᠠ ᠶᠤᠮ᠃ ᠬᠤᠶᠠᠷ ᠲᠠᠯ᠎ᠠ ᠶᠢᠨ ᠤᠲᠤᠷᠢᠳᠬᠤ ᠬᠦᠮᠦᠰ ᠤᠨ ᠦᠵᠡᠬᠦ ᠪᠡᠷ᠂ ᠲᠤᠰ ᠤᠲᠠᠭᠠᠨ ᠤ ᠶᠠᠪᠤᠲᠠᠯ ᠨᠢ ᠤᠯᠤᠰ ᠤᠳ ᠤᠨ ᠬᠤᠭᠤᠷᠤᠨᠲᠤᠬᠢ ᠬᠠᠮᠲᠤᠷᠠᠯᠴᠠᠭᠠᠨ ᠤ ᠢᠲᠡᠪᠬᠢ ᠦᠷ᠎ᠡ ᠪᠦᠲᠦᠭᠡᠯ ᠤᠨ ᠦᠯᠢᠭᠡᠷ ᠵᠢᠱᠢᠶ᠎ᠠ ᠪᠤᠯᠤᠨ᠎ᠠ ᠭᠡᠵᠦ ᠲᠷᠠᠮᠫ ᠴᠢᠬᠤᠯᠠᠴᠢᠯᠠᠪᠠ ᠭᠡᠵᠡᠢ᠃

    2017 ᠤᠨ ᠳ᠋ᠤ ᠤᠷᠤᠰ ᠠᠮᠧᠷᠢᠺᠠ ᠶᠢᠨ ᠬᠠᠷᠢᠯᠴᠠᠭ᠎ᠠ ᠲᠤᠬᠳᠠᠪᠤᠷᠢ ᠦᠭᠡᠢ ᠪᠠᠢᠢᠭᠠᠳ ᠢᠷᠡᠪᠡ᠃ ᠲᠤᠰ ᠰᠠᠷ᠎ᠠ ᠶᠢᠨ 14 ᠤ ᠡᠲᠦᠷ ᠫᠦᠲ᠋ᠢᠨ ᠡᠨᠡ ᠤᠨ ᠤ ᠰᠤᠷᠪᠤᠯᠵᠢᠯᠠᠭᠴᠢᠳ ᠤᠨ ᠬᠤᠷᠠᠯ ᠤᠨ ᠦᠶ᠎ᠠ ᠪᠡᠷ ᠬᠡᠯᠡᠬᠦ ᠳ᠋ᠡᠭᠡᠨ᠂ ᠤᠷᠤᠰ ᠠᠮᠧᠷᠢᠺᠠ ᠤᠯᠠᠨ ᠲᠠᠯ᠎ᠠ ᠶᠢᠨ ᠰᠡᠳᠦᠪ ᠤᠨ ᠲᠤᠭᠤᠷᠢᠨ ᠳ᠋ᠤ ᠬᠠᠮᠲᠤᠷᠠᠠ ᠠᠵᠢᠯᠯᠠᠵᠤ ᠪᠤᠯᠤᠨ᠎ᠠ᠂ ᠵᠢᠱᠢᠶᠡᠯᠡᠪᠡᠯ ᠰᠦᠷᠲᠡᠬᠦᠯᠬᠦ ᠦᠵᠡᠯ᠂ ᠪᠠᠶᠢᠭᠠᠯᠢ ᠤᠷᠴᠢᠨ᠂ ᠡᠳ᠋ ᠤᠨ ᠵᠠᠰᠠᠭ ᠤᠨ ᠠᠰᠠᠭᠤᠲᠠᠯ᠂ ᠶᠡᠬᠡ ᠬᠡᠪᠴᠢᠶᠠᠨ ᠤ ᠠᠯᠠᠨ ᠬᠦᠨᠦᠭᠡᠯᠲᠡ ᠶᠢᠨ ᠴᠢᠨᠠᠷᠲᠠᠢ ᠵᠡᠪᠰᠡᠭ ᠤᠨ ᠦᠷᠭᠡᠵᠢᠬᠦ ᠶᠢ ᠬᠤᠷᠢᠭᠯᠠᠬᠤ ᠵᠡᠷᠭᠡ᠃ ᠲᠡᠷᠡ ᠪᠡᠷ ᠲᠷᠠᠮᠫ ᠢ ᠪᠤᠯᠤᠯᠴᠠᠭᠠᠨ ᠤ ᠲᠠᠭᠠᠤ ᠤᠷᠤᠰ ᠠᠮᠧᠷᠢᠺᠠ ᠶᠢᠨ ᠬᠠᠷᠢᠯᠴᠠᠭ᠎ᠠ ᠶᠢ ᠰᠠᠶᠢᠵᠢᠷᠠᠭᠤᠯᠤᠨ᠂ ᠰᠤᠩᠭ᠋ᠤᠭᠤᠯᠢ ᠡᠴᠡ ᠡᠮᠦᠨᠡᠬᠢ ᠠᠮᠠᠯᠲᠠᠯᠠᠭ᠎ᠠ ᠪᠠᠨ ᠪᠡᠶᠡᠯᠡᠬᠦᠯᠬᠦ ᠶᠢ ᠬᠦᠰᠡᠵᠡᠢ᠃

 

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122127697