蒙古文网站Logo
ᠰᠢᠨᠬᠤᠸᠠ ᠮᠤᠩᠭ᠋ᠤᠯ ᠨᠧᠲ

ᠶᠧᠷᠦ᠋ᠰᠠᠯᠧᠮ ᠤᠨ ᠪᠠᠶᠢᠷᠢ ᠰᠠᠭᠤᠷᠢ ᠶᠢᠨ ᠠᠰᠠᠭᠤᠲᠠᠯ ᠢ ᠰᠢᠢᠳᠪᠦᠷᠢᠯᠡᠬᠦ ᠠᠶᠤᠯᠬᠦᠢ ᠶᠢᠨ ᠵᠦᠪᠯᠡᠯ ᠤᠨ ᠲᠦᠰᠦᠯ ᠢ ᠠᠮᠸᠷᠢᠺᠠ ᠦᠭᠡᠶᠢᠰᠭᠡᠪᠡ

2017-12-19 13:07

    ᠰᠢᠨᠬᠤᠧᠠ ᠬᠤᠷᠢᠶ᠎ᠠ   ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ 12 ᠰᠠᠷ᠎ᠠ ᠶᠢᠨ 18 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠠᠩ ᠵᠢᠶᠠᠨ ᠭᠠᠩ ) 18 ᠤ ᠡᠲᠦᠷ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠠᠶᠤᠯᠬᠦᠢ ᠶᠢᠨ ᠵᠦᠪᠯᠡᠯ ᠤᠨ ᠶᠧᠷᠦ᠋ᠰᠠᠯᠧᠮ ᠤᠨ ᠪᠠᠶᠢᠷᠢ ᠰᠠᠭᠤᠷᠢ ᠶᠢᠨ ᠠᠰᠠᠭᠤᠲᠠᠯ ᠢ ᠰᠢᠢᠳᠪᠦᠷᠢᠯᠡᠬᠦ ᠲᠦᠰᠦᠯ ᠢ ᠠᠮᠸᠷᠢᠺᠠ ᠦᠭᠡᠶᠢᠰᠬᠡᠪᠡ᠃

    ᠲᠤᠮᠲᠠᠲᠤ ᠤᠯᠤᠰ ᠡᠴᠡ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠳ᠋ᠤ ᠪᠠᠶᠢᠩᠭ᠋ᠤ ᠰᠠᠭᠤᠭ᠎ᠠ ᠲᠦᠷ ᠤᠷᠤᠯᠠᠭᠴᠢ ᠡᠦ ᠬᠠᠢ ᠲᠤᠤ ᠬᠡᠯᠡᠬᠦ ᠳ᠋ᠡᠭᠡᠨ᠂ ᠫᠠᠯᠧᠰᠲ᠋ᠠᠶᠢᠨ ᠪᠤᠯ ᠲᠤᠮᠲᠠᠲᠤ ᠲᠤᠷᠤᠨᠠᠲᠤ ᠶᠢᠨ ᠠᠰᠠᠭᠤᠲᠠᠯ ᠤᠨ ᠴᠦᠮ᠎ᠡ᠂ ᠲᠤᠮᠲᠠᠲᠤ ᠲᠤᠷᠤᠨᠠᠲᠤ ᠶᠢᠨ ᠡᠶ᠎ᠡ ᠨᠠᠶᠢᠷᠠᠮᠲᠠᠯ ᠤᠨ ᠦᠨᠳᠦᠰᠦᠨ ᠴᠢᠨᠠᠷᠲᠠᠢ ᠠᠰᠠᠭᠤᠲᠠᠯ ᠪᠤᠯᠤᠨ᠎ᠠ᠃ ᠠᠶᠤᠯᠬᠦᠢ ᠶᠢᠨ ᠵᠦᠪᠯᠡᠯ ᠪᠤᠯᠤᠨ ᠲᠡᠯᠡᠬᠡᠢ ᠨᠡᠶᠢᠲᠡ ᠶᠢᠨ ᠬᠢᠨ ᠡᠪ ᠨᠢᠭᠡᠲᠦᠯ ᠲᠠᠢ᠂ ᠬᠠᠮᠲᠤ ᠪᠡᠷ ᠶᠧᠷᠦ᠋ᠰᠠᠯᠧᠮ ᠤᠨ ᠬᠠᠮᠢᠶᠠᠲᠠᠢ ᠠᠰᠠᠭᠤᠲᠠᠯ ᠢ ᠨᠠᠮᠲᠠᠭᠠᠵᠤ᠂ ᠲᠤᠮᠲᠠᠲᠤ ᠲᠤᠷᠤᠨᠠᠲᠤ ᠶᠢᠨ ᠡᠶ᠎ᠡ ᠨᠠᠶᠢᠷᠠᠮᠲᠠᠯ ᠢ ᠬᠠᠮᠠᠭᠠᠯᠠᠬᠤ ᠬᠡᠷᠡᠭᠲᠡᠢ ᠭᠡᠵᠡᠢ᠃

    ᠲᠡᠷᠡ ᠪᠡᠷ ᠮᠦᠨ ᠬᠡᠯᠡᠬᠦ ᠳ᠋ᠡᠭᠡᠨ᠂ ᠲᠤᠮᠲᠠᠲᠤ ᠶᠢᠨ ᠲᠠᠯ᠎ᠠ ᠲᠤᠮᠲᠠᠲᠤ ᠲᠤᠷᠤᠨᠠᠲᠤ ᠶᠢᠨ ᠡᠶ᠎ᠡ ᠨᠠᠶᠢᠷᠠᠮᠲᠠᠯ ᠢ ᠲᠡᠮᠵᠢᠨ ᠠᠬᠢᠭᠤᠯᠵᠤ᠂ ᠫᠠᠯᠧᠰᠲ᠋ᠠᠶᠢᠨ ᠤ ᠠᠷᠠᠳ ᠲᠦᠮᠡᠨ ᠤ ᠦᠨᠳᠦᠰᠦᠲᠡᠨ ᠤ ᠬᠠᠦᠯᠢ ᠶᠤᠰᠤᠨ ᠤ ᠡᠷᠬᠡ ᠠᠰᠢᠭ ᠶᠢᠡᠨ ᠰᠡᠷᠬᠦᠭᠡᠬᠦ ᠲᠦᠪ ᠶᠤᠰᠤᠨ ᠤ ᠦᠢᠯᠡᠰ ᠢ ᠲᠡᠮᠵᠢᠵᠦ᠂ 1967 ᠤᠨ ᠳ᠋ᠤ ᠬᠢᠯᠢ ᠶᠢᠨ ᠵᠠᠭᠠᠭ ᠶᠢᠡᠷ ᠰᠠᠭᠤᠷᠢᠯᠠᠭᠰᠠᠨ ᠶᠧᠷᠦ᠋ᠰᠠᠯᠧᠮ ᠶᠢᠡᠷ ᠨᠡᠶᠢᠰᠯᠡᠯ ᠪᠤᠯᠭᠠᠭᠰᠠᠨ ᠪᠦᠷᠢᠨ ᠡᠷᠬᠡᠲᠦ ᠲᠤᠰᠠᠭᠠᠷ ᠲᠤᠭᠲᠠᠨᠢᠭᠰᠠᠨ ᠫᠠᠯᠧᠰᠲ᠋ᠠᠶᠢᠨ ᠤᠯᠤᠰ ᠢ ᠲᠡᠮᠵᠢᠨ᠎ᠡ ᠭᠡᠵᠡᠢ᠃

    6 ᠤ ᠡᠲᠦᠷ ᠠᠮᠧᠷᠢᠺᠠ ᠶᠢᠨ ᠶᠡᠷᠦᠩᠬᠡᠶᠢᠯᠡᠭᠴᠢ ᠲᠷᠠᠮᠫ ᠶᠧᠷᠦ᠋ᠰᠠᠯᠧᠮ ᠢ ᠢᠰᠷᠧᠯ ᠤᠨ ᠨᠡᠶᠢᠰᠯᠡᠯ ᠬᠡᠮᠡᠨ ᠮᠡᠲᠡᠷᠡᠵᠦ᠂ ᠢᠰᠷᠧᠯ ᠳ᠋ᠤ ᠰᠠᠭᠤᠭ᠎ᠠ ᠡᠯᠴᠢᠨ ᠤ ᠭᠠᠵᠠᠷ ᠶᠢᠡᠨ ᠶᠧᠷᠦ᠋ᠰᠠᠯᠧᠮ ᠳ᠋ᠤ ᠨᠡᠬᠦᠯᠬᠡᠬᠦ ᠪᠡᠷ ᠪᠤᠯᠪᠠ᠃ ᠡᠨᠡᠬᠦ ᠬᠢᠲᠠᠯ ᠨᠢ ᠲᠡᠯᠡᠬᠡᠢ ᠨᠡᠶᠢᠭᠡᠮ ᠤᠨ ᠨᠡᠶᠢᠲᠡᠮ ᠡᠰᠡᠷᠬᠦᠴᠡᠯ ᠢ ᠤᠯᠪᠠ᠃

    1967 ᠤᠨ ᠳ᠋ᠤ ᠢᠰᠷᠸᠯ ᠶᠧᠷᠦ᠋ᠰᠠᠯᠧᠮ ᠢ ᠡᠵᠡᠯᠡᠭᠰᠡᠨ ᠤ ᠲᠠᠷᠠᠭ᠎ᠠ ᠭᠠᠭᠴᠠ ᠲᠠᠯ᠎ᠠ ᠪᠡᠷ 《ᠡᠭᠦᠷᠢᠲᠡ ᠬᠡᠰᠡᠭᠯᠡᠵᠦ ᠪᠤᠯᠤᠰᠢ ᠦᠭᠡᠢ ᠨᠡᠶᠢᠰᠯᠡᠯ》ᠬᠡᠮᠡᠨ ᠵᠠᠷᠯᠠᠪᠠ᠃ ᠭᠡᠬᠦ ᠳ᠋ᠤ ᠫᠠᠯᠧᠰᠲ᠋ᠠᠶᠢᠨ ᠤ ᠲᠠᠯ᠎ᠠ ᠶᠢᠨ ᠬᠢᠨ ᠵᠡᠬᠦᠨ ᠶᠧᠷᠦ᠋ᠰᠠᠯᠧᠮ ᠶᠢᠡᠷ ᠨᠡᠶᠢᠰᠯᠡᠯ ᠪᠤᠯᠭᠠᠪᠠ᠃ ᠲᠡᠯᠡᠬᠡᠢ ᠨᠡᠶᠢᠭᠡᠮ ᠤᠨ ᠬᠢᠨ ᠨᠡᠶᠢᠲᠡᠮ ᠶᠢᠡᠷ ᠶᠢᠡᠨ ᠢᠰᠷᠸᠯ ᠤᠨ ᠶᠧᠷᠦ᠋ᠰᠠᠯᠧᠮ ᠳ᠋ᠤ ᠪᠦᠷᠢᠨ ᠡᠷᠬᠡ ᠬᠡᠷᠡᠭᠵᠢᠬᠦᠯᠬᠦ ᠶᠢ ᠵᠦᠪᠰᠢᠶᠡᠷᠡᠬᠦ ᠦᠭᠡᠢ ᠪᠠᠶᠢᠵᠤ᠂ ᠢᠰᠷᠸᠯ ᠲᠠᠢ ᠭᠠᠲᠠᠭᠠᠲᠤ ᠬᠠᠷᠢᠯᠴᠠᠭ᠎ᠠ ᠲᠠᠢ ᠤᠯᠤᠰ ᠡᠯᠴᠢᠨ ᠤ ᠭᠠᠵᠠᠷ ᠶᠢᠡᠨ ᠪᠦᠷ ᠲᠧᠯ ᠠᠸᠢᠹ ᠲᠤ ᠪᠠᠶᠢᠭᠤᠯᠪᠠ᠃ 

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122134259