ᠠᠮᠧᠷᠢᠺᠠ ᠶᠢᠨ ᠰᠢᠨ᠎ᠡ ᠪᠡᠷ ᠪᠠᠲᠤᠯᠠᠭᠲᠠᠭᠰᠠᠨ ᠭᠠᠶᠢᠯᠢ ᠶᠢᠨ ᠦᠭᠡᠷᠡᠴᠢᠯᠡᠯᠲᠡ ᠶᠢᠨ ᠲᠦᠰᠤᠯ  ᠢᠷᠭᠡᠳ ᠤᠨ ᠬᠦᠷᠢᠶᠡᠯᠡᠯ ᠢ ᠤᠯᠬᠤ ᠦᠭᠡᠢ ᠪᠠᠶᠢᠨ᠎ᠠ 2017-12-21 11:26

    ᠰᠢᠨᠬᠤᠧᠠ ᠬᠤᠷᠢᠶ᠎ᠠ   ᠸᠠᠰᠢᠩᠲ᠋ᠤᠨ ᠤ 12 ᠰᠠᠷ᠎ᠠ ᠶᠢᠨ 20 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠢᠶᠠᠩ ᠢᠦᠢ ᠵᠢᠶᠤᠧᠠᠨ᠂ ᠭᠤᠤ ᠫᠠᠨ ) 20 ᠤ ᠡᠲᠦᠷ ᠠᠮᠧᠷᠢᠺᠠ ᠶᠢᠨ ᠤᠯᠤᠰ ᠤᠨ ᠬᠤᠷᠠᠯ ᠤᠨ ᠲᠡᠭᠡᠳᠦ ᠲᠤᠤᠷᠠᠲᠤ ᠵᠦᠪᠯᠯᠡᠭᠡᠨ ᠤ ᠬᠤᠷᠠᠯ 1986 ᠤᠨ ᠡᠴᠡ ᠨᠠᠰᠢᠬᠢ ᠬᠠᠮᠤᠭ ᠤᠨ ᠶᠡᠬᠡ ᠬᠡᠪᠴᠢᠶᠠᠨ ᠤ ᠭᠠᠶᠢᠯᠢ ᠶᠢᠨ ᠦᠭᠡᠷᠡᠴᠢᠯᠡᠯᠲᠡ ᠶᠢᠨ ᠬᠠᠦᠯᠢ ᠶᠢᠨ ᠲᠦᠰᠦᠯ ᠢ ᠪᠠᠲᠤᠯᠠᠪᠠ᠃ ᠲᠤᠰ ᠲᠦᠰᠦᠯ ᠢ ᠶᠡᠷᠦᠩᠬᠡᠶᠢᠯᠡᠭᠴᠢ ᠲᠷᠠᠮᠫ ᠭᠠᠷ ᠤᠨ ᠦᠰᠦᠭ ᠵᠢᠷᠤᠭᠰᠠᠨ ᠤ ᠲᠠᠷᠠᠭ᠎ᠠ 2018 ᠤᠨ ᠤ 1 ᠰᠠᠷ᠎ᠠ ᠡᠴᠡ ᠡᠬᠢᠯᠡᠨ ᠬᠡᠷᠡᠭᠵᠢᠬᠦᠯᠬᠦ ᠪᠤᠯᠤᠨ᠎ᠠ᠃

    ᠲᠤᠰ ᠬᠠᠦᠯᠢ ᠶᠢᠨ ᠲᠦᠰᠦᠯ ᠢ ᠦᠨᠳᠦᠰᠦᠯᠡᠪᠡᠯ᠂ ᠠᠮᠧᠷᠢᠺᠠ ᠶᠢᠨ ᠠᠵᠤ ᠠᠬᠤᠶᠢᠯᠠᠯ ᠤᠨ ᠤᠷᠤᠯᠭ᠎ᠠ ᠶᠢᠨ ᠲᠠᠲᠠᠪᠤᠷᠢ ᠶᠢᠨ ᠭᠠᠶᠢᠯᠢ ᠶᠢ 35% ᠪᠠᠶᠢᠭᠰᠠᠨ ᠡᠴᠡ ᠨᠢ 21% ᠪᠤᠯᠭᠠᠨ ᠪᠠᠭᠤᠷᠠᠭᠤᠯᠤᠨ᠎ᠠ; ᠠᠮᠧᠷᠢᠺᠠ ᠶᠢᠨ ᠠᠵᠤ ᠠᠬᠤᠶᠢᠯᠠᠯ ᠤᠨ ᠭᠠᠲᠠᠭᠠᠲᠤ ᠳ᠋ᠡᠬᠢ ᠠᠰᠢᠭ ᠬᠤᠨᠵᠢᠪᠤᠷᠢ ᠡᠴᠡ ᠨᠢᠭᠡ ᠯᠡ ᠤᠲᠠᠭ᠎ᠠ ᠭᠠᠶᠢᠯᠢ ᠲᠠᠲᠠᠪᠤᠷᠢᠯᠠᠨ᠎ᠠ᠂ ᠡᠭᠦᠨ ᠳ᠋ᠤ ᠪᠡᠯᠡᠨ ᠮᠦᠩᠬᠦ ᠶᠢᠨ ᠠᠰᠢᠭ ᠬᠤᠨᠵᠢᠪᠤᠷᠢ ᠶᠢᠨ ᠭᠠᠶᠢᠯᠢ ᠶᠢᠨ ᠨᠤᠷᠮ᠎ᠠ ᠨᠢ 15.5% ᠪᠤᠯᠤᠨ᠎ᠠ; 《ᠬᠠᠷᠢᠶ᠎ᠠ ᠭᠠᠵᠠᠷ》ᠲᠠᠭᠠᠨ ᠭᠠᠶᠢᠯᠢ ᠲᠤᠰᠢᠶᠠᠬᠤ ᠵᠠᠷᠴᠢᠮ ᠢ ᠬᠡᠷᠡᠭᠵᠢᠬᠦᠯᠦᠨ᠎ᠠ᠂ ᠠᠮᠧᠷᠢᠺᠠ ᠶᠢᠨ ᠵᠠᠰᠠᠭ ᠤᠨ ᠭᠠᠵᠠᠷ ᠲᠤ ᠭᠠᠶᠢᠯᠢ ᠲᠤᠰᠢᠶᠠᠬᠤ ᠦᠭᠡᠢ᠃

    ᠬᠤᠪᠢ ᠬᠦᠮᠦᠨ ᠤ ᠤᠷᠤᠯᠭ᠎ᠠ ᠶᠢᠨ ᠲᠠᠲᠠᠪᠤᠷᠢ ᠶᠢᠨ ᠭᠠᠶᠢᠯᠢ  ᠤᠲᠤᠬᠠᠨ ᠤ 7 ᠵᠡᠷᠭᠡᠯᠡᠯ ᠶᠢᠡᠷ ᠶᠢᠡᠨ ᠬᠤᠪᠢᠷᠠᠬᠤ ᠦᠭᠡᠢ᠂ ᠭᠡᠪᠡᠴᠦ ᠶᠡᠬᠡᠩᠬᠢ ᠭᠠᠶᠢᠯᠢ ᠶᠢᠨ ᠨᠤᠷᠮ᠎ᠠ ᠪᠠᠭᠠᠰᠪᠠ᠂ ᠡᠭᠦᠨ ᠳ᠋ᠤ ᠬᠠᠮᠤᠭ ᠤᠨ ᠦᠨᠳᠦᠷ ᠭᠠᠶᠢᠯᠢ ᠶᠢᠨ ᠨᠤᠷᠮ᠎ᠠ 39.6% ᠪᠠᠶᠢᠭᠰᠠᠨ ᠡᠴᠡ ᠪᠠᠨ 37% ᠪᠤᠯᠤᠨ ᠪᠠᠭᠤᠷᠠᠪᠠ᠃

    ᠡᠨᠡᠬᠦ ᠬᠠᠦᠯᠢ ᠶᠢᠨ ᠲᠦᠰᠦᠯ ᠳ᠋ᠡᠬᠢ ᠠᠵᠤ ᠠᠬᠤᠶᠢᠯᠠᠯ ᠤᠨ ᠤᠷᠤᠯᠭ᠎ᠠ ᠶᠢᠨ ᠲᠠᠲᠠᠪᠤᠷᠢ ᠶᠢᠨ ᠭᠠᠶᠢᠯᠢ ᠳ᠋ᠤ ᠵᠠᠰᠠᠪᠤᠷᠢ ᠤᠷᠤᠭᠤᠯᠤᠭᠰᠠᠨ ᠠᠭᠤᠯᠭ᠎ᠠ ᠪᠤᠯ ᠡᠭᠦᠷᠢᠲᠡ ᠶᠢᠨ ᠴᠢᠨᠠᠷ ᠲᠠᠢ᠂ ᠬᠤᠪᠢ ᠬᠦᠮᠦᠨ ᠤ ᠤᠷᠤᠯᠭ᠎ᠠ ᠶᠢᠨ ᠲᠠᠲᠠᠪᠤᠷᠢ ᠶᠢᠨ ᠭᠠᠶᠢᠯᠢ ᠶᠢᠨ ᠬᠤᠪᠢᠷᠠᠯᠲᠠ ᠨᠢ 2025 ᠤᠨ ᠤ ᠡᠴᠦᠰ ᠪᠤᠯᠲᠠᠯ᠎ᠠ ᠬᠦᠴᠦᠨ ᠲᠠᠢ᠃

    ᠢᠷᠭᠡᠳ ᠤᠨ ᠰᠠᠨᠠᠯ ᠤᠨ ᠪᠠᠶᠢᠴᠠᠭᠠᠯᠲᠠ ᠳ᠋ᠤ ᠡᠨᠡᠬᠦ ᠬᠠᠦᠯᠢ ᠶᠢᠨ ᠲᠦᠰᠦᠯ ᠨᠢ ᠬᠦᠮᠦᠰ ᠤᠨ ᠬᠦᠷᠢᠶᠡᠯᠡᠯ ᠢ ᠤᠯᠬᠤ ᠦᠭᠡᠢ ᠪᠠᠶᠢᠨ᠎ᠠ᠃ 《ᠸᠤᠯ ᠵᠡᠭᠡᠯᠢ ᠶᠢᠨ ᠡᠲᠦᠷ ᠤᠨ ᠰᠤᠨᠢᠨ》 ᠪᠠ ᠠᠮᠧᠷᠢᠺᠡ ᠶᠢᠨ ᠪᠦᠬᠦ ᠤᠯᠤᠰ ᠤᠨ ᠷᠠᠳᠢᠣ᠋ ᠨᠡᠪᠲᠡᠷᠡᠬᠦᠯᠭᠡ ᠶᠢᠨ ᠬᠠᠮᠲᠤᠷᠠᠭᠰᠠᠨ ᠢᠷᠭᠡᠳ ᠤᠨ ᠪᠠᠶᠢᠴᠠᠭᠠᠯᠲᠠ ᠳ᠋ᠤ 25% ᠬᠦᠷᠬᠦ ᠦᠭᠡᠢ ᠢᠷᠭᠡᠳ ᠲᠤᠰ ᠬᠠᠦᠯᠢ ᠶᠢᠨ ᠲᠦᠰᠦᠯ ᠢ ᠲᠠᠭᠠᠰᠢᠶᠠᠵᠤ ᠪᠠᠶᠢᠨ᠎ᠠ᠂ 41%  ᠶ᠋ᠢᠨ ᠢᠷᠭᠡᠳ ᠬᠦᠷᠢᠶᠡᠯᠡᠬᠦ ᠦᠭᠡᠢ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122145909