蒙古文网站Logo
ᠰᠢᠨᠬᠤᠸᠠ ᠮᠤᠩᠭ᠋ᠤᠯ ᠨᠧᠲ

ᠢᠰᠷᠸᠯ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠲᠠ ᠡᠴᠡ ᠭᠠᠷᠬᠤ ᠪᠡᠷ ᠪᠠᠶᠢᠨ᠎ᠠ

2017-12-25 11:54

    ᠰᠢᠨᠬᠤᠧᠠ ᠬᠤᠷᠢᠶ᠎ᠠ   ᠶᠸᠷᠦ᠋ᠰᠠᠯᠧᠮ ᠤᠨ 12 ᠰᠠᠷ᠎ᠠ ᠶᠢᠨ 24 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠠᠩ ᠪᠦᠧᠧ ᠸᠸᠨ ) ᠲᠤᠬᠠᠢ ᠶᠢᠨ ᠤᠷᠤᠨ ᠤ ᠬᠡᠪᠯᠡᠯ ᠮᠡᠲᠡᠭᠡᠯᠡᠯ ᠤᠨ 23 ᠤ ᠡᠲᠦᠷ ᠮᠡᠲᠡᠭᠡᠯᠡᠭᠰᠡᠨ ᠶᠢᠡᠷ᠂ ᠢᠰᠷᠸᠯ ᠡᠨᠡ ᠤᠨ ᠳ᠋ᠤ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠲᠠ ᠡᠴᠡ ᠭᠠᠷᠬᠤ ᠪᠡᠷ ᠪᠠᠶᠢᠨ᠎ᠠ᠃

    ᠮᠡᠲᠡᠭᠡᠯᠡᠭᠰᠡᠨ ᠶᠢᠡᠷ᠂ ᠢᠰᠷᠸᠯ ᠤᠨ ᠶᠡᠷᠦᠩᠬᠡᠢ ᠰᠠᠶᠢᠳ 22 ᠤᠨ ᠡᠲᠦᠷ ᠵᠢᠭᠠᠪᠤᠷᠢ ᠶᠤᠰᠤᠭᠠᠷ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠲᠠ ᠳ᠋ᠤ ᠰᠠᠭᠤᠭ᠎ᠠ ᠲᠦᠯᠦᠭᠡᠯᠡᠭᠴᠢ ᠬᠠᠮᠤᠭ ᠤᠨ ᠤᠷᠤᠢ ᠳ᠋ᠠᠭᠠᠨ 12 ᠰᠠᠷ᠎ᠠ ᠶᠢᠨ 31 ᠤ ᠡᠲᠦᠷ ᠲᠤᠰ ᠵᠤᠬᠢᠶᠠᠨ ᠪᠠᠶᠢᠭᠤᠯᠤᠯᠲᠠ ᠡᠴᠡ ᠰᠠᠯᠬᠤ ᠪᠤᠯᠤᠨ᠎ᠠ᠃

    ᠢᠰᠷᠧᠯ ᠤᠨ ᠭᠠᠲᠠᠭᠠᠲᠤ ᠶᠠᠪᠤᠲᠠᠯ ᠤᠨ ᠶᠠᠮᠤᠨ ᠤ ᠦᠬᠦᠯᠡᠭᠴᠢ ᠶᠢᠨ ᠬᠡᠯᠡᠬᠦ ᠪᠡᠷ᠂ ᠡᠨᠡᠬᠦ ᠰᠢᠢᠳᠪᠦᠷᠢ ᠶᠢ ᠭᠠᠷᠭᠠᠭᠰᠠᠨ ᠨᠢ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠲᠠ《ᠢᠪᠷᠠᠢ ᠶᠢᠨ ᠲᠡᠦᠬᠡ ᠶᠢ ᠢᠰᠷᠧᠯ ᠤᠨ ᠨᠤᠲᠤᠭ ᠲᠡᠪᠢᠰᠭᠡᠷ ᠡᠴᠡ ᠰᠠᠯᠭᠠᠬᠤ ᠪᠡᠷ ᠤᠷᠤᠯᠲᠤᠵᠤ ᠪᠠᠶᠢᠨ᠎ᠠ》ᠭᠡᠵᠡᠢ᠃

    ᠠᠮᠧᠷᠢᠺᠠ ᠶᠢᠨ ᠲᠦᠷᠦ ᠶᠢᠨ ᠶᠠᠪᠤᠲᠠᠯ ᠤᠨ ᠬᠤᠷᠢᠶ᠎ᠠ 10 ᠰᠠᠷ᠎ᠠ ᠶᠢᠨ 12 ᠤᠨ ᠡᠲᠦᠷ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠲᠠ ᠡᠴᠡ ᠭᠠᠷᠬᠤ ᠪᠡᠷ ᠵᠠᠷᠯᠠᠵᠠᠢ᠃ ᠦᠷᠬᠦᠯᠵᠢᠯᠡᠨ ᠨᠡᠮᠡᠭᠲᠡᠵᠦ ᠪᠠᠶᠢᠭ᠎ᠠ ᠭᠡᠰᠢᠬᠦᠨ ᠤ ᠲᠠᠲᠠᠪᠤᠷᠢ ᠶᠢᠨ ᠦᠷᠢ ᠶᠢᠨ ᠠᠰᠠᠭᠤᠲᠠᠯ᠂ ᠲᠤᠰ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠬᠢᠬᠦ ᠶᠢᠨ ᠴᠢᠬᠤᠯᠠ ᠴᠢᠨᠠᠷ ᠵᠢᠴᠢ 《ᠢᠰᠷᠧᠯ ᠳ᠋ᠤ ᠬᠠᠨᠲᠤᠭᠤᠯᠤᠭᠰᠠᠨ ᠬᠡᠯᠪᠡᠶᠢᠬᠦᠦ ᠦᠵᠡᠯ 》ᠵᠡᠷᠭᠡ ᠡᠴᠡ ᠪᠤᠯᠵᠤ ᠠᠮᠧᠷᠢᠺᠠ ᠡᠨᠡᠬᠦ ᠰᠢᠢᠳᠪᠦᠷᠢ ᠶᠢ ᠭᠠᠷᠭᠠᠭᠰᠠᠨ ᠭᠡᠵᠡᠢ᠃

    2011 ᠤᠨ ᠤ 10 ᠰᠠᠷ᠎ᠠ ᠶᠢᠨ ᠰᠡᠬᠦᠯᠴᠢ ᠪᠡᠷ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠲᠠ  ᠡᠴᠡ ᠫᠠᠯᠰᠧᠲ᠋ᠠᠶᠢᠨ ᠭᠡᠰᠢᠬᠦᠨ ᠤᠯᠤᠰ ᠤᠨ ᠨᠡᠷ᠎ᠡ ᠪᠡᠷ ᠲᠤᠰ ᠵᠤᠬᠢᠶᠠᠨ ᠪᠠᠶᠢᠭᠤᠯᠤᠯᠲᠠ ᠳ᠋ᠤ ᠤᠷᠤᠬᠤ ᠲᠦᠰᠦᠯ ᠢ ᠤᠨᠤᠭ᠎ᠠ ᠦᠭ᠍ᠬᠦᠯᠲᠠ ᠪᠡᠷ ᠪᠠᠲᠤᠯᠠᠵᠠᠢ᠂ ᠠᠮᠧᠷᠢᠺᠠ ᠢᠰᠷᠧᠯ ᠲᠦᠢᠯ ᠤᠨ ᠬᠠᠨᠤᠮᠵᠢ ᠦᠭᠡᠢ ᠪᠤᠯᠵᠤ ᠡᠭᠦᠨ ᠡᠴᠡ ᠡᠬᠢᠯᠡᠨ ᠭᠡᠰᠢᠬᠦᠨ ᠤ ᠲᠡᠲᠠᠪᠤᠷᠢ ᠲᠦᠯᠦᠬᠦ ᠪᠡᠨ ᠵᠤᠭᠰᠤᠪᠠ᠃ ᠮᠤᠨᠲᠠᠭ ᠲᠤᠭᠠᠨ ᠤ ᠭᠡᠰᠢᠬᠦᠨ ᠤ ᠲᠠᠲᠠᠪᠤᠷᠢ ᠦ᠍ᠭ᠍ᠭᠦᠭ᠍ᠰᠡᠨ ᠦᠭᠡᠢ ᠡᠴᠡ ᠪᠤᠯᠵᠤ 2013 ᠤᠨ ᠳ᠋ᠤ ᠠᠮᠧᠷᠢᠺᠠ ᠢᠰᠷᠧᠯ ᠤᠨᠤᠭ᠎ᠠ ᠦᠭ᠍ᠬᠦ ᠡᠷᠬᠡ ᠪᠠᠨ ᠠᠯᠲᠠᠪᠠ᠃

    ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠲᠠ ᠪᠤᠯ 1946 ᠤᠨ ᠳ᠋ᠤ ᠪᠠᠶᠢᠭᠤᠯᠤᠭᠲᠠᠵᠤ᠂ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ ᠲᠧᠭ᠍ᠨᠤᠯᠤᠬᠢ ᠪᠠ ᠰᠤᠶᠤᠯ ᠶᠢᠡᠷ ᠡᠯ᠎ᠡ ᠤᠯᠤᠰ ᠤᠨ ᠬᠤᠭᠤᠷᠤᠨᠲᠤᠬᠢ ᠬᠠᠮᠲᠤᠷᠠᠯᠴᠠᠭ᠎ᠠ ᠶᠢ ᠠᠬᠢᠭᠤᠯᠤᠨ ᠲᠡᠯᠡᠬᠡᠢ ᠨᠡᠶᠢᠲᠡ ᠶᠢᠨ ᠠᠮᠤᠷ ᠲᠦᠪᠰᠢᠨ ᠪᠠ ᠡᠶ᠎ᠡ ᠨᠠᠶᠢᠷᠠᠮᠲᠠᠯ ᠳ᠋ᠤ ᠬᠦᠴᠦᠨ ᠨᠡᠮᠡᠷᠢ ᠦᠵᠡᠬᠦᠯᠬᠦ ᠵᠤᠷᠢᠯᠲᠠ ᠲᠠᠢ ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122162973