ᠮᠤᠰᠺᠸᠠ ᠶᠢᠨ ᠨᠡᠶᠢᠲᠡ ᠶᠢᠨ ᠠᠦ᠋ᠲ᠋ᠤᠪᠦ᠋ᠰ ᠤᠨ ᠤᠰᠤᠯ ᠳ᠋ᠤ 4 ᠬᠦᠮᠦᠨ ᠠᠮᠢ ᠪᠠᠨ ᠠᠯᠲᠠᠪᠠ 2017-12-26 13:36

    ᠰᠢᠨᠬᠤᠧᠠ ᠬᠤᠷᠢᠶ᠎ᠠ   ᠮᠤᠰᠺᠸᠠ ᠶᠢᠨ 12 ᠰᠠᠷ᠎ᠠ ᠶᠢᠨ 25 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠤᠧᠠᠨ ᠬᠠᠢ ) ᠤᠷᠤᠰ ᠤᠨ ᠴᠠᠭᠲᠠᠭᠠᠨ ᠤ ᠬᠢᠨ 25 ᠤ ᠡᠲᠦᠷ ᠢᠯᠡᠷᠬᠡᠶᠢᠯᠡᠬᠦ ᠳ᠋ᠡᠭᠡᠨ᠂ ᠲᠤᠬᠠᠢ ᠶᠢᠨ ᠡᠲᠦᠷ ᠨᠢᠭᠡ ᠨᠡᠶᠢᠲᠡ ᠶᠢᠨ ᠠᠦ᠋ᠲ᠋ᠤᠪᠦ᠋ᠰ ᠤᠨ ᠵᠢᠯᠤᠭᠤᠴᠢ ᠵᠤᠬᠢᠰ ᠦᠭᠡᠢ ᠠᠵᠢᠯᠯᠠᠭᠤᠯᠤᠭᠰᠠᠨ ᠪᠤᠶᠤ ᠮᠠᠰᠢᠨ ᠨᠢ ᠭᠡᠮᠲᠦᠯ ᠭᠠᠷᠤᠭᠰᠠᠨ ᠡᠴᠡ ᠮᠤᠰᠺᠸᠠ ᠬᠤᠲᠠ ᠶᠢᠨ ᠪᠠᠷᠠᠭᠤᠨ ᠪᠦᠰᠡ ᠶᠢᠨ ᠭᠠᠵᠠᠷ ᠲᠤᠤᠷᠠᠬᠢ ᠵᠠᠮ ᠤᠨ ᠭᠠᠷᠴᠠ ᠳ᠋ᠤ ᠤᠷᠤᠭᠰᠠᠨ ᠤᠰᠤᠯ ᠭᠠᠷᠪᠠ᠃ ᠡᠨᠡᠬᠦ ᠤᠰᠤᠯ ᠳ᠋ᠤ 4 ᠬᠦᠮᠦᠨ ᠠᠮᠢ ᠪᠠᠨ ᠠᠯᠲᠠᠵᠤ᠂ 9 ᠬᠦᠮᠦᠨ ᠰᠢᠷᠬᠠᠲᠤᠪᠠ᠃

    ᠮᠤᠰᠺᠸᠠ ᠶᠢᠨ ᠲᠤᠲᠤᠭᠠᠲᠤ ᠶᠠᠪᠤᠲᠠᠯ ᠤᠨ ᠶᠡᠷᠦᠩᠬᠡᠢ ᠲᠤᠪᠴᠢᠶ᠎ᠠ ᠡᠴᠡ ᠮᠡᠲᠡᠭᠡᠯᠡᠯ ᠨᠡᠶᠢᠲᠡᠯᠡᠵᠦ᠂ ᠡᠨᠡᠬᠦ ᠤᠰᠤᠯ ᠢ ᠲᠦᠷ ᠲᠠᠪᠠᠷᠠᠮᠠᠲᠠᠭᠠᠢ ᠪᠦᠯᠦᠭᠲᠡᠨ ᠤ ᠵᠤᠬᠢᠶᠠᠨ ᠪᠠᠶᠢᠭᠤᠯᠤᠭᠰᠠᠨ ᠠᠵᠢᠯᠯᠠᠭ᠎ᠠ ᠭᠡᠵᠦ ᠦᠵᠡᠬᠦ ᠦᠭᠡᠢ ᠭᠡᠵᠡᠢ᠃

    ᠤᠷᠤᠰ ᠤᠨ ᠲᠠᠰᠠᠰ ᠮᠡᠲᠡᠭᠡᠯᠡᠯ ᠤᠨ ᠬᠤᠷᠢᠶ᠎ᠠ ᠶᠢᠨ ᠮᠡᠲᠡᠭᠡᠯᠡᠭᠰᠡᠨ ᠶᠢᠡᠷ᠂ ᠤᠰᠤᠯ ᠭᠠᠷᠭᠠᠭᠰᠠᠨ ᠵᠢᠯᠤᠭᠤᠴᠢ ᠨᠢ 58 ᠨᠠᠰᠤᠲᠠᠢ ᠤᠷᠤᠰ ᠡᠷᠡᠭᠲᠡᠢ ᠪᠦᠭᠡᠳ ᠴᠠᠭᠲᠠᠭ᠎ᠠ ᠶᠢᠨ ᠬᠢᠨ ᠤ ᠡᠷᠬᠡᠰᠢᠶᠡᠯ ᠳ᠋ᠤ ᠤᠷᠤᠭᠠᠳ ᠪᠤᠢ᠃

    ᠮᠤᠰᠺᠸᠠ ᠵᠧᠦ ᠶᠢᠨ ᠵᠠᠮ ᠤᠨ ᠬᠠᠮᠢᠶᠠᠷᠤᠯᠲᠠ ᠶᠢᠨ ᠬᠡᠪᠯᠡᠯ ᠮᠡᠲᠡᠭᠡᠯᠡᠯ ᠤᠨ ᠠᠯᠪᠠᠨ ᠡᠴᠡ᠂ ᠪᠠᠶᠢᠴᠠᠭᠠᠯᠲᠠ ᠳ᠋ᠤ ᠦᠵᠡᠬᠦᠯᠦᠭᠰᠡᠨ ᠶᠢᠡᠷ ᠲᠤᠬᠠᠢ ᠶᠢᠨ ᠡᠲᠦᠷ ᠲᠤᠰ ᠮᠠᠰᠢᠨ ᠵᠠᠮ ᠳ᠋ᠤ ᠭᠠᠷᠬᠤ ᠡᠴᠡ ᠪᠡᠨ ᠡᠮᠦᠨ᠎ᠡ ᠰᠡᠯᠪᠢᠨ ᠵᠠᠰᠠᠭᠰᠠᠨ ᠪᠦᠭᠡᠳ ᠵᠢᠯᠤᠭᠤᠴᠢ ᠶᠠᠮᠠᠷ ᠴᠤ ᠬᠡᠪ ᠤᠨ ᠪᠤᠰᠤ ᠪᠠᠶᠢᠲᠠᠯ ᠦᠭᠡᠢ ᠭᠡᠵᠡᠢ᠃ ᠤᠲᠤᠬᠠᠨ ᠳ᠋ᠤ ᠤᠷᠤᠰ ᠤᠨ ᠬᠠᠮᠢᠶᠠᠲᠠᠢ ᠰᠠᠯᠠᠭ᠎ᠠ ᠮᠦᠴᠢᠷ《 ᠠᠮᠤᠷ ᠲᠦᠪᠰᠢᠨ ᠤ ᠬᠠᠦᠯᠢ ᠲᠤᠭᠲᠠᠭᠠᠮᠵᠢ ᠶᠢᠨ ᠲᠠᠭᠠᠤ ᠤᠯᠠᠨ ᠨᠡᠶᠢᠲᠡ ᠳ᠋ᠤ ᠦᠢᠯᠡᠴᠢᠯᠡᠭᠰᠡᠨ ᠦᠭᠡᠢ》 ᠪᠠ 《 ᠵᠠᠮ ᠬᠠᠷᠢᠯᠴᠠᠭᠠᠨ ᠤ ᠲᠤᠭᠲᠠᠭᠠᠯ ᠢ ᠵᠦᠷᠢᠴᠡᠭᠰᠡᠨ》 ᠶ᠋ᠢᠡᠷ ᠤᠰᠤᠯ ᠳ᠋ᠤ ᠬᠤᠯᠪᠤᠭᠲᠠᠭᠰᠠᠨ ᠵᠢᠯᠤᠭᠤᠴᠢ ᠶᠢ ᠡᠷᠡᠬᠦᠦ ᠶᠢᠨ ᠬᠡᠷᠡᠭ ᠶᠢᠡᠷ ᠪᠠᠶᠢᠴᠠᠭᠠᠵᠤ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122168207