ᠢᠷᠠᠨ ᠤ ᠤᠯᠠᠩᠬᠢ ᠭᠠᠵᠠᠷ ᠤᠨ ᠢᠷᠭᠡᠳ ᠵᠢᠬᠰᠠᠭᠠᠯ ᠶᠠᠪᠤᠭᠤᠯᠤᠨ ᠵᠠᠰᠠᠭ ᠤᠨ ᠭᠠᠵᠠᠷ ᠶᠢᠡᠨ ᠲᠡᠮᠵᠢᠵᠦ ᠪᠠᠶᠢᠬᠤ ᠪᠠᠨ ᠢᠯᠡᠷᠬᠡᠶᠢᠯᠡᠪᠡ 2018-01-04 12:07

    ᠰᠢᠨᠬᠤᠧᠠ ᠬᠤᠷᠢᠶ᠎ᠠ   ᠲᠸᠾᠷᠠᠨ ᠤ 1 ᠰᠠᠷ᠎ᠠ ᠶᠢᠨ 3 ᠤ ᠡᠲᠦᠷ ᠤᠨ ᠴᠠᠬᠢᠯᠭᠠᠨ ᠮᠡᠲᠡᠭᠡ   ᠢᠷᠠᠨ ᠤ ᠰᠤᠨᠢᠨ ᠮᠡᠲᠡᠭᠡᠨ ᠤ ᠲᠧᠯᠧᠶ᠋ᠰ ᠬᠤᠷᠢᠶ᠎ᠠ ᠶᠢᠨ 3 ᠤ ᠡᠲᠦᠷ ᠮᠡᠲᠡᠭᠡᠯᠡᠭᠰᠡᠨ ᠢ ᠦᠨᠳᠦᠰᠦᠯᠡᠪᠡᠯ ᠢᠷᠠᠨ ᠤ ᠠᠸᠠᠱ᠂ ᠠᠪᠠᠲᠠᠨ᠂ ᠪᠦᠰᠢᠷ᠂ ᠺᠸᠷᠮᠠᠨᠱᠠᠾ᠂ ᠺᠦᠮ ᠵᠡᠷᠭᠡ ᠤᠯᠠᠨ ᠬᠤᠲᠠ ᠶᠢᠨ ᠢᠷᠭᠡᠳ ᠲᠤᠬᠠᠢ ᠶᠢᠨ ᠡᠲᠦᠷ ᠵᠢᠬᠰᠠᠭᠠᠯ ᠶᠠᠪᠤᠭᠤᠯᠤᠨ ᠵᠠᠰᠠᠭ ᠤᠨ ᠭᠠᠵᠠᠷ ᠶᠢᠡᠨ ᠲᠡᠮᠵᠢᠵᠦ ᠪᠠᠶᠢᠬᠤ ᠪᠠᠨ ᠢᠯᠡᠷᠬᠡᠶᠢᠯᠡᠵᠦ᠂ ᠬᠦᠴᠦᠷᠬᠡᠭ᠍ᠯᠡᠯ ᠤᠨ ᠠᠵᠢᠯᠯᠠᠭ᠎ᠠ ᠶᠢ ᠡᠰᠡᠷᠭᠦᠴᠡᠪᠡ᠃

    ᠮᠡᠲᠡᠭᠡᠯᠡᠭᠰᠡᠨ ᠢ ᠦᠨᠳᠦᠰᠦᠯᠡᠪᠡᠯ ᠢᠷᠠᠨ ᠤ ᠪᠤᠰᠤᠳ ᠬᠤᠲᠠ ᠴᠤ 4 ᠤ ᠡᠲᠦᠷ ᠵᠠᠰᠠᠭ ᠤᠨ ᠭᠠᠵᠠᠷ ᠶᠢᠡᠨ ᠲᠡᠮᠵᠢᠬᠦ ᠵᠢᠬᠰᠠᠭᠠᠯ ᠤᠨ ᠠᠵᠢᠯᠯᠠᠭ᠎ᠠ ᠦᠷᠨᠢᠬᠦᠯᠬᠦ ᠪᠤᠯᠤᠨ᠎ᠠ᠂ ᠨᠡᠶᠢᠰᠯᠡᠯ ᠲᠸᠾᠷᠠᠨ ᠤ ᠢᠷᠭᠡᠳ ᠴᠤ 5 ᠤ ᠡᠲᠦᠷ ᠵᠠᠰᠠᠭ ᠤᠨ ᠭᠠᠵᠠᠷ ᠶᠢᠡᠨ ᠲᠡᠮᠵᠢᠬᠦ ᠠᠵᠢᠯᠯᠠᠭ᠎ᠠ ᠦᠷᠨᠢᠬᠦᠯᠬᠦ ᠪᠡᠷ ᠪᠠᠶᠢᠨ᠎ᠠ᠃

    ᠪᠤᠲᠠᠰ ᠤᠨ ᠦᠨ᠎᠎ᠠ ᠶᠡᠬᠡ ᠪᠡᠷ ᠦᠰᠦᠭᠰᠡᠨ ᠶᠢᠡᠷ ᠤᠶᠢᠷ᠎ᠠ ᠶᠢᠨ ᠬᠤᠭᠤᠴᠠᠭᠠᠨ ᠳ᠋ᠤ ᠢᠷᠠᠨ ᠤ ᠤᠯᠠᠩᠬᠢ ᠬᠤᠲᠠ ᠳ᠋ᠤ ᠢᠷᠭᠡᠳ ᠤᠨ ᠠᠮᠵᠢᠷᠠᠭᠠᠨ ᠤ ᠠᠰᠠᠭᠤᠲᠠᠯ ᠳ᠋ᠤ ᠬᠤᠯᠪᠤᠭᠲᠠᠭᠰᠠᠨ ᠵᠢᠬᠰᠠᠭᠠᠯ ᠤᠨ ᠠᠵᠢᠯᠯᠠᠭ᠎ᠠ ᠦᠷᠨᠢᠪᠡ᠃ ᠢᠷᠠᠨ ᠤ ᠠᠯᠪᠠᠨ ᠤ ᠲᠠᠯ᠎ᠠ ᠶᠢᠨ ᠬᠢᠨ ᠤ ᠬᠡᠪᠯᠡᠯ ᠮᠡᠲᠡᠭᠡᠯᠡᠯ ᠤᠨ ᠮᠡᠲᠡᠭᠡ ᠶᠢ ᠦᠨᠳᠦᠰᠦᠯᠡᠪᠡᠯ ᠵᠢᠬᠰᠠᠭᠠᠯ ᠤᠨ ᠠᠵᠢᠯᠯᠠᠭ᠎ᠠ ᠨᠢ ᠵᠠᠷᠢᠮ ᠭᠠᠵᠠᠷ ᠲᠤ ᠮᠦᠷᠭᠦᠯᠲᠦᠭᠡᠨ ᠪᠤᠯᠵᠤ 1 ᠴᠠᠭᠲᠠᠭ᠎ᠠ ᠶᠢ ᠪᠠᠭᠲᠠᠭᠠᠭᠰᠠᠨ 10 ᠬᠦᠮᠦᠨ ᠠᠮᠢ ᠪᠠᠨ ᠠᠯᠲᠠᠭᠰᠠᠨ ᠬᠡᠷᠡᠭ ᠭᠠᠷᠪᠠ᠂ ᠪᠠᠰᠠ ᠵᠠᠷᠢᠮ ᠤᠯᠠᠨ ᠨᠡᠶᠢᠲᠡ ᠶᠢᠨ ᠲᠡᠳ᠋ ᠪᠦᠲᠦᠴᠡ ᠡᠪᠲᠡᠭᠲᠡᠭᠰᠡᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122209450