蒙古文网站Logo
ᠰᠢᠨᠬᠤᠸᠠ ᠮᠤᠩᠭ᠋ᠤᠯ ᠨᠧᠲ

ᠦᠩᠭᠡᠷᠡᠭᠰᠡᠨ ᠤᠨ ᠳᠤ ᠠᠹᠭᠠᠨᠢᠰᠲ᠋ᠠᠨ ᠤ 44.5 ᠲᠦᠮᠡᠨ ᠢᠷᠭᠡᠨ ᠲᠠᠶᠢᠨ ᠤ ᠬᠦᠯ ᠳ᠋ᠤ ᠲᠠᠭᠠᠷᠢᠭᠲᠠᠪᠠ

2018-01-04 12:07

    ᠰᠢᠨᠬᠤᠧᠠ ᠬᠤᠷᠢᠶ᠎ᠠ   ᠺᠠᠪᠦ᠋ᠯ ᠤᠨ 1 ᠰᠠᠷ᠎ᠠ ᠶᠢᠨ 3 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠢᠶᠠᠩ ᠴᠤᠤ ) ᠦᠩᠭᠡᠷᠡᠭᠰᠡᠨ ᠵᠢᠯ ᠳ᠋ᠤ ᠠᠹᠭᠠᠨᠢᠰᠲ᠋ᠠᠨ ᠤ 44.5 ᠲᠦᠮᠡᠨ ᠢᠷᠭᠡᠨ ᠲᠠᠶᠢᠨ ᠤ ᠬᠦᠯ ᠳ᠋ᠤ ᠲᠠᠭᠠᠷᠢᠭᠲᠠᠵᠤ ᠭᠡᠷ ᠤᠷᠤᠨ ᠡᠴᠡ ᠪᠠᠨ ᠰᠠᠯᠤᠭᠰᠠᠨ ᠭᠡᠵᠦ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠬᠦᠮᠦᠨᠴᠢ ᠦᠵᠡᠯ ᠤᠨ ᠠᠵᠢᠯ ᠢ ᠵᠤᠬᠢᠴᠠᠭᠤᠯᠬᠤ ᠭᠠᠵᠠᠷ ᠤᠨ ᠠᠹᠭᠠᠨᠢᠰᠲ᠋ᠠᠨ ᠳ᠋ᠤ ᠰᠠᠭᠤᠭ᠎ᠠ ᠠᠯᠪᠠᠨ ᠤ ᠬᠢᠨ 3 ᠤ ᠡᠲᠦᠷ ᠤᠨᠴᠠᠯᠠᠪᠠ᠃

    ᠡᠨᠡᠬᠦ ᠠᠯᠪᠠᠨ ᠤ ᠲᠤᠬᠠᠢ ᠶᠢᠨ ᠡᠲᠦᠷ ᠨᠡᠶᠢᠲᠡᠯᠡᠭᠰᠡᠨ ᠮᠡᠲᠡᠬᠦᠯᠦᠯᠲᠡ ᠳ᠋ᠡᠭᠡᠨ᠂ 2017 ᠤᠨ ᠳ᠋ᠤ ᠠᠹᠭᠠᠨᠢᠰᠲ᠋ᠠᠨ ᠤ ᠵᠡᠬᠦᠨ ᠪᠦᠰᠡ ᠶᠢᠨ ᠤᠯᠤᠰ ᠤᠨ ᠲᠤᠲᠤᠭᠠᠲᠤ ᠶᠢᠨ ᠭᠡᠷ ᠤᠷᠤᠨ ᠡᠴᠡ ᠪᠠᠨ ᠰᠠᠯᠤᠭᠰᠠᠨ ᠢᠷᠭᠡᠳ 14 ᠲᠦᠮᠡ ᠳ᠋ᠤ ᠬᠦᠷᠪᠡ᠂ ᠡᠭᠦᠨ ᠳ᠋ᠤ 12.35 ᠲᠦᠮᠡ ᠭᠠᠷᠤᠢ ᠢᠷᠭᠡᠳ ᠪᠤᠯ ᠨᠠᠨᠭ᠍᠍ᠸᠬᠠᠷ ᠮᠤᠵᠢ ᠶᠢᠨ ᠬᠢ ᠭᠡᠵᠡᠢ᠃ ᠤᠶᠢᠯᠠᠭᠠᠭᠰᠠᠨ ᠶᠢᠡᠷ ᠦᠩᠭᠡᠷᠡᠭᠰᠡᠨ ᠤᠨ ᠤ 10 ᠰᠠᠷ᠎ᠠ ᠶᠢᠨ ᠡᠬᠢᠨ ᠡᠴᠡ ᠨᠠᠭᠠᠰᠢ ᠠᠹᠭᠠᠨᠢᠰᠲ᠋ᠠᠨ ᠤ ᠴᠡᠷᠢᠭ ᠤᠨ ᠬᠢᠨ ᠪᠠ ᠵᠡᠬᠦᠨ ᠪᠦᠰᠡ ᠶᠢᠨ ᠲᠠᠪᠠᠷᠠᠮᠠᠲᠠᠭᠠᠢ ᠪᠦᠯᠦᠭᠲᠡᠨ ᠤ ᠵᠤᠬᠢᠶᠠᠨ ᠪᠠᠶᠢᠭᠤᠯᠤᠯᠲᠠ ᠪᠤᠯᠬᠤ《 ᠢᠰᠯᠠᠮ ᠤᠨ ᠤᠯᠤᠰ》 ᠤᠨ ᠬᠤᠭᠤᠷᠤᠨᠲᠤᠬᠢ ᠰᠢᠷᠦᠬᠦᠨ ᠮᠦᠷᠬᠦᠯᠲᠦᠭᠡᠨ ᠡᠴᠡ ᠪᠤᠯᠵᠤ ᠤᠯᠠᠩᠬᠢ ᠢᠷᠭᠡᠳ ᠢ ᠤᠷᠤᠬᠤ ᠭᠡᠷ ᠤᠭᠤᠴᠢᠬᠤ ᠠᠶᠠᠭ᠎ᠠ ᠦᠭᠡᠢ ᠪᠤᠯᠭᠠᠪᠠ᠃

    2001 ᠤᠨ ᠡᠴᠡ ᠨᠠᠭᠠᠰᠢ ᠠᠹᠭᠠᠨᠢᠰᠲ᠋ᠠᠨ ᠤ ᠬᠢᠯᠢ ᠳ᠋ᠡᠬᠢ 100 ᠲᠦᠮᠡ ᠭᠠᠷᠤᠢ ᠢᠷᠭᠡᠳ ᠲᠠᠶᠢᠨ ᠪᠠᠶᠢᠯᠲᠤᠭᠠᠨ ᠪᠠ ᠠᠮᠤᠷ ᠲᠦᠪᠰᠢᠨ ᠪᠤᠰᠤ ᠪᠠᠶᠢᠲᠠᠯ ᠡᠴᠡ ᠪᠤᠯᠵᠤ ᠭᠡᠷ ᠤᠷᠤᠨ ᠡᠴᠡ ᠪᠠᠨ ᠰᠠᠯᠪᠠ᠃

    ᠦᠩᠭᠡᠷᠡᠭᠰᠡᠨ ᠤᠨ ᠤ 10 ᠰᠠᠷ᠎ᠠ ᠶᠢᠨ 13 ᠤ ᠡᠲᠦᠷ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠡᠴᠡ ᠠᠹᠭᠠᠨᠢᠰᠲ᠋ᠠᠨ ᠳ᠋ᠤ ᠰᠠᠭᠤᠭ᠎ᠠ ᠲᠡᠮᠵᠢᠨ ᠲᠤᠰᠠᠯᠠᠬᠤ ᠪᠠᠭ ᠤᠨ ᠨᠡᠶᠢᠲᠡᠯᠡᠭᠰᠡᠨ ᠲᠤᠭ᠎ᠠ ᠪᠠᠷᠢᠮᠲᠠ ᠳ᠋ᠤ᠂ 2017 ᠤᠨ ᠤ ᠲᠦᠷᠦᠬᠦᠦ 9 ᠰᠠᠷ᠎ᠠ ᠳ᠋ᠤ ᠡᠯ᠎ᠡ ᠲᠦᠷᠦᠯ ᠤᠨ ᠵᠡᠪᠰᠡᠭᠲᠦ ᠮᠦᠷᠬᠦᠯᠲᠦᠭᠡᠨ ᠳ᠋ᠤ 8019 ᠠᠹᠭᠠᠨᠢᠰᠲ᠋ᠠᠨ ᠤ ᠢᠷᠭᠡᠨ ᠡᠨᠳᠡᠵᠦ ᠰᠢᠷᠬᠠᠲᠤᠪᠠ᠂ ᠡᠭᠦᠨ ᠳ᠋ᠤ 2640 ᠬᠦᠮᠦᠨ ᠠᠮᠢ ᠪᠠᠨ ᠠᠯᠲᠠᠵᠤ 5379 ᠬᠦᠮᠦᠨ ᠰᠢᠷᠬᠠᠲᠤᠪᠠ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791122209487