蒙古文网站Logo
ᠰᠢᠨᠬᠤᠸᠠ ᠮᠤᠩᠭ᠋ᠤᠯ ᠨᠧᠲ

ᠫᠢᠶᠧᠩᠼᠠᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠬᠤᠭᠤᠴᠠᠭᠠᠨ ᠳ᠋ᠤ ᠺᠤᠷᠢᠶᠠ ᠠᠮᠧᠷᠢᠺᠠ ᠬᠠᠮᠲᠤᠷᠠᠭᠰᠠᠨ ᠴᠡᠷᠢᠭ ᠤᠨ ᠰᠤᠷᠢᠯᠲᠠ ᠶᠠᠪᠤᠭᠤᠯᠬᠤ ᠦᠭᠡᠢ ᠭᠡᠵᠦ ᠲᠤᠭᠲᠠᠪᠠ

2018-01-05 15:27

    ᠰᠢᠨᠬᠤᠧᠠ ᠬᠤᠷᠢᠶ᠎ᠠ   ᠰᠧᠦ᠋ᠯ ᠤᠨ 1 ᠰᠠᠷ᠎ᠠ ᠶᠢᠨ 4 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠦ ᠿᠦᠢ᠂ ᠭ᠍ᠸᠩ ᠰᠢᠤᠧᠠᠢ ᠫᠧᠩ ) ᠺᠤᠷᠢᠶᠠ ᠶᠢᠨ ᠶᠡᠷᠦᠩᠬᠡᠶᠢᠯᠡᠭᠴᠢ ᠮᠦᠨ ᠽᠸ ᠶᠢᠨ 4 ᠤ ᠡᠲᠦᠷ ᠠᠮᠧᠷᠢᠺᠠ ᠶᠢᠨ ᠶᠡᠷᠦᠩᠬᠡᠶᠢᠯᠡᠭᠴᠢ ᠲᠷᠠᠮᠫ ᠲᠠᠢ ᠬᠤᠯᠪᠤᠭ᠎ᠠ ᠪᠠᠷᠢᠵᠤ᠂ ᠫᠢᠶᠧᠩᠼᠠᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠬᠤᠭᠤᠴᠠᠭᠠᠨ ᠳ᠋ᠤ ᠺᠤᠷᠢᠶᠠ ᠠᠮᠧᠷᠢᠺᠠ ᠬᠠᠮᠲᠤᠷᠠᠭᠰᠠᠨ ᠴᠡᠷᠢᠭ ᠤᠨ ᠰᠤᠷᠢᠯᠲᠠ ᠶᠠᠪᠤᠭᠤᠯᠬᠤ ᠦᠭᠡᠢ ᠭᠡᠵᠦ ᠲᠤᠭᠲᠠᠪᠠ᠃

    ᠡᠮᠦᠨᠡᠲᠤ ᠤᠮᠠᠷᠠᠲᠤ ᠶᠢᠨ ᠬᠠᠷᠢᠯᠴᠠᠭᠠᠨ ᠤ ᠲᠤᠮᠲᠠ ᠺᠤᠷᠢᠶᠠ ᠶᠢᠨ ᠬᠢᠨ ᠠᠮᠧᠷᠢᠺᠠ ᠶᠢᠨ ᠲᠠᠯ᠎ᠠ ᠲᠠᠢ ᠨᠢᠬᠲᠠ ᠬᠠᠷᠢᠯᠴᠠᠬᠤ ᠪᠤᠯᠤᠨ᠎ᠠ᠂ ᠡᠨᠡ ᠨᠢ ᠰᠤᠯᠤᠩᠭ᠋ᠤᠰ ᠠᠮᠧᠷᠢᠺᠠ ᠶᠢᠨ ᠶᠠᠷᠢᠶ᠎ᠠ ᠬᠡᠯᠡᠯᠴᠡᠭᠡᠷ ᠲᠤ ᠴᠤ ᠲᠤᠰᠠᠲᠠᠢ ᠪᠠᠶᠢᠲᠠᠭ ᠭᠡᠵᠦ ᠮᠦᠨ ᠽᠧ ᠶᠢᠨ ᠢᠯᠡᠷᠬᠡᠶᠢᠯᠡᠪᠡ᠃

    ᠲᠷᠠᠮᠫ ᠢᠯᠡᠷᠬᠡᠶᠢᠯᠡᠭᠰᠡᠨ ᠨᠢ ᠡᠮᠦᠨᠡᠲᠦ ᠤᠮᠠᠷᠠᠲᠤ ᠶᠢᠨ ᠶᠠᠷᠢᠯᠴᠠᠭ᠎ᠠ ᠰᠠᠶᠢᠨ ᠦᠷ᠎ᠡ ᠪᠦᠲᠦᠮᠵᠢ ᠤᠯᠬᠤ ᠶᠢ ᠬᠦᠰᠡᠵᠦ ᠪᠠᠶᠢᠨ᠎ᠠ᠃ ᠲᠡᠷᠡ ᠪᠡᠷ ᠭᠡᠷ ᠤᠨ ᠬᠦᠮᠦᠰ ᠶᠢᠡᠨ ᠪᠠᠭᠲᠠᠭᠠᠭᠰᠠᠨ ᠲᠡᠭᠡᠳᠦ ᠵᠢᠩᠲᠠᠭᠠᠨ ᠤ ᠲᠦᠯᠦᠭᠡᠯᠡᠭᠴᠢ ᠶᠢᠨ ᠪᠠᠭ ᠲᠤᠮᠢᠯᠠᠨ ᠫᠢᠶᠧᠩᠼᠠᠩ ᠤᠨ ᠡᠪᠦᠯ ᠤᠨ ᠤᠯᠠᠷᠢᠯ ᠤᠨ ᠤᠯᠢᠮᠫᠢᠺ ᠲᠤ ᠤᠷᠤᠯᠴᠠᠬᠤ ᠪᠤᠯᠤᠨ᠎ᠠ ᠭᠡᠯ᠎ᠡ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
关闭
010070230030000000000000011120791122216487