ᠠᠹᠭᠠᠨᠢᠰᠲ᠋ᠠᠨ ᠤ ᠠᠮᠢ ᠪᠠᠨ ᠵᠤᠯᠢᠶᠠᠰᠤᠯᠠᠭᠰᠠᠨ ᠲᠠᠭᠠᠷᠢᠯᠲᠠ ᠶᠢᠨ ᠬᠡᠷᠡᠭ ᠲᠤ ᠠᠲᠠᠭ ᠲᠠᠭᠠᠨ 36 ᠬᠦᠮᠦᠨ ᠠᠮᠢ ᠪᠠᠨ ᠠᠯᠲᠠᠪᠠ 2018-01-05 17:45

    ᠰᠢᠨᠬᠤᠧᠠ ᠬᠤᠷᠢᠶ᠎ᠠ   ᠺᠠᠪᠦ᠋ᠯ ᠤᠨ 1 ᠰᠠᠷ᠎ᠠ ᠶᠢᠨ 4 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠢᠶᠠᠩ ᠴᠤᠤ᠂ ᠳ᠋ᠠᠢ ᠡᠾᠸ ) ᠠᠹᠭᠠᠨᠢᠰᠲ᠋ᠠᠨ ᠤ ᠤᠯᠠᠨ ᠨᠡᠶᠢᠲᠡ ᠶᠢᠨ ᠡᠷᠡᠬᠦᠯ ᠬᠠᠮᠠᠭᠠᠯᠠᠯ ᠤᠨ ᠶᠠᠮᠤᠨ ᠤ ᠦᠬᠦᠯᠡᠭᠴᠢ 4 ᠤ ᠡᠲᠦᠷ ᠰᠢᠨᠬᠤᠧᠠ ᠬᠤᠷᠢᠶᠠᠨ ᠤ ᠰᠤᠷᠪᠤᠯᠵᠢᠯᠠᠭᠴᠢ ᠳ᠋ᠤ ᠤᠨᠴᠠᠯᠠᠬᠤ ᠳ᠋ᠠᠭᠠᠨ ᠲᠤᠬᠠᠢ ᠶᠢᠨ ᠡᠲᠦᠷ ᠲᠤᠰ ᠤᠯᠤᠰ ᠤᠨ ᠨᠡᠶᠢᠰᠯᠡᠯ ᠺᠠᠪᠦ᠋ᠯ ᠳ᠋ᠤ ᠠᠮᠢ ᠪᠠᠨ ᠵᠤᠯᠢᠶᠠᠰᠤᠯᠠᠭᠰᠠᠨ ᠲᠠᠭᠠᠷᠢᠯᠲᠠ ᠶᠢᠨ ᠬᠡᠷᠡᠭ ᠭᠠᠷᠴᠤ ᠠᠲᠠᠭ ᠲᠠᠭᠠᠨ 11 ᠬᠦᠮᠦᠨ ᠠᠮᠢ ᠪᠠᠨ ᠠᠯᠲᠠᠵᠤ᠂ 25 ᠬᠦᠮᠦᠨ ᠰᠢᠷᠬᠠᠲᠤᠪᠠ ᠭᠡᠵᠡᠢ᠃ ᠲᠡᠷᠡ ᠪᠡᠷ ᠮᠦᠨ ᠬᠡᠯᠡᠬᠦ ᠳ᠋ᠡᠭᠡᠨ ᠡᠲᠡᠭᠡᠷ ᠠᠮᠢ ᠪᠠᠨ ᠠᠯᠲᠠᠭᠰᠠᠳ ᠤᠨ ᠲᠤᠲᠤᠷ᠎ᠠ 5 ᠴᠠᠭᠲᠠᠭ᠎ᠠ ᠪᠠᠶᠢᠪᠠ᠂ ᠵᠠᠷᠢᠮ ᠰᠢᠷᠬᠠᠲᠤᠭᠰᠠᠳ ᠤᠨ ᠰᠢᠷᠬ᠎ᠠ ᠨᠢ ᠬᠦᠨᠳᠦ ᠪᠤᠯᠬᠤᠷ ᠠᠮᠢ ᠪᠠᠨ ᠠᠯᠲᠠᠬᠤ ᠬᠠᠨᠲᠤᠰᠢ ᠲᠠᠢ ᠭᠡᠵᠡᠢ᠃

    ᠡᠨᠡᠬᠦ ᠲᠠᠭᠠᠷᠢᠯᠲᠠ ᠶᠢᠨ ᠬᠡᠷᠡᠭ ᠨᠢ ᠲᠤᠬᠠᠢ ᠶᠢᠨ ᠤᠷᠤᠢ ᠶᠢᠨ 20᠄ 45 ᠴᠠᠭ ᠲᠤ ᠺᠠᠪᠦ᠋ᠯ ᠤᠨ ᠶᠢᠰᠦᠲᠦᠭᠡᠷ ᠴᠠᠭᠲᠠᠬᠤ ᠲᠤᠭᠤᠷᠢᠭ ᠲᠤ ᠡᠭᠦᠰᠦᠭᠰᠡᠨ ᠭᠡᠵᠡᠢ᠃ ᠲᠤᠬᠠᠢ ᠶᠢᠨ ᠲᠠᠯᠠᠪᠤᠷ ᠲᠤ ᠪᠠᠶᠢᠭᠰᠠᠨ ᠠᠶᠤᠯᠬᠦᠢ ᠶᠢᠨ ᠠᠵᠢᠯᠲᠠᠨ  ᠰᠤᠷᠪᠤᠯᠵᠢᠯᠠᠭᠴᠢ ᠳ᠋ᠤ ᠲᠠᠨᠢᠯᠴᠠᠭᠤᠯᠬᠤ ᠳ᠋ᠠᠭᠠᠨ᠂ ᠬᠡᠷᠡᠭ ᠡᠴᠡ ᠡᠮᠦᠨᠡᠬᠡᠨ ᠴᠠᠭᠲᠠᠭᠠᠨ ᠤ ᠲᠠᠯ᠎ᠠ ᠶᠢᠨ ᠬᠢᠨ ᠮᠠᠷᠢᠬᠤᠸᠠᠨ ᠪᠠ ᠰᠫᠢᠷᠲ ᠫᠠᠨᠽᠠᠯᠠᠵᠤ ᠪᠠᠶᠢᠭᠰᠠᠨ ᠨᠢᠭᠡ ᠲᠡᠯᠭᠡᠭᠦᠷ ᠢ ᠪᠢᠲᠡᠭᠦᠮᠵᠢᠯᠡᠭᠰᠡᠨ ᠳ᠋ᠤ ᠲᠡᠯᠭᠡᠭᠦᠷ ᠤᠨ ᠬᠢᠨ ᠬᠡᠰᠡᠭ ᠬᠦᠮᠦᠰ ᠲᠠᠢ ᠬᠤᠯᠪᠤᠭᠠᠯᠠᠨ ᠴᠠᠭᠲᠠᠭ᠎ᠠ ᠲᠠᠢ ᠡᠰᠡᠷᠬᠦᠴᠡᠯᠲᠦᠪᠡ᠂ ᠨᠢᠭᠡ ᠲᠠᠭᠠᠷᠢᠭᠴᠢ ᠬᠦᠮᠦᠰ ᠤᠨ ᠲᠤᠮᠲᠠ ᠤᠷᠤᠵᠤ ᠠᠮᠢ ᠪᠠᠨ ᠵᠤᠯᠢᠶᠠᠰᠤᠯᠠᠨ ᠲᠠᠭᠠᠷᠢᠯᠲᠠ  ᠬᠢᠭ᠍ᠰᠡᠨ ᠭᠡᠵᠡᠢ᠃

    ᠮᠦᠨ ᠲᠤᠰ ᠬᠡᠷᠡᠭ ᠡᠴᠡ ᠪᠤᠯᠵᠤ ᠤᠶᠢᠷ᠎ᠠ ᠬᠠᠪᠢ ᠶᠢᠨ ᠲᠡᠯᠭᠡᠭᠦᠷ᠂ ᠲᠡᠷᠭᠡ ᠤᠨᠤᠭ᠎ᠠ ᠰᠦᠢᠳᠪᠡ᠃ ᠤᠲᠤᠬᠠᠨ ᠳ᠋ᠤ ᠠᠶᠤᠯᠬᠦᠢ ᠶᠢᠨ ᠬᠢᠨ ᠲᠤᠰ ᠪᠦᠰᠡ ᠶᠢ ᠪᠢᠲᠡᠭᠦᠮᠵᠢᠯᠡᠨ ᠪᠠᠶᠢᠴᠠᠭᠠᠯᠲᠠ ᠬᠢᠵᠦ ᠪᠠᠶᠢᠨ᠎ᠠ᠃

    ᠦᠩᠭᠡᠷᠡᠭᠰᠡᠨ ᠤᠨ ᠤ ᠡᠴᠦᠰ ᠶᠢᠡᠷ ᠺᠠᠪᠦ᠋ᠯ ᠳ᠋ᠤ ᠬᠡᠲᠦ ᠤᠲᠠᠭ᠎ᠠ ᠲᠠᠭᠠᠷᠢᠯᠲᠠ ᠶᠢᠨ ᠬᠡᠷᠡᠭ ᠭᠠᠷᠪᠠ᠃ 12 ᠰᠠᠷ᠎ᠠ ᠶᠢᠨ 28 ᠤ ᠡᠲᠦᠷ ᠺᠠᠪᠦ᠋ᠯ ᠤᠨ ᠨᠢᠭᠡ ᠬᠤᠪᠢ ᠶᠢᠨ ᠬᠡᠪᠯᠡᠯ ᠮᠡᠲᠡᠭᠡᠯᠡᠯ ᠤᠨ ᠪᠠᠶᠢᠭᠤᠯᠤᠮᠵᠢ ᠶᠢᠨ ᠠᠰᠠᠷ ᠲᠠᠭᠠᠷᠢᠯᠲᠠ ᠳ᠋ᠤ ᠤᠴᠠᠷᠠᠵᠤ ᠲᠠᠭᠠᠷᠢᠭᠴᠢ ᠡᠴᠡ ᠭᠠᠲᠠᠨ᠎ᠠ 41 ᠬᠦᠮᠦᠨ ᠠᠮᠢ ᠪᠠᠨ ᠠᠯᠲᠠᠵᠤ 84 ᠬᠦᠮᠦᠨ ᠰᠢᠷᠬᠠᠲᠤᠪᠠ᠃ ᠲᠠᠪᠠᠷᠠᠮᠠᠲᠠᠭᠠᠢ ᠪᠦᠯᠦᠭᠲᠡᠨ ᠤ ᠵᠤᠬᠢᠶᠠᠨ ᠪᠠᠶᠢᠭᠤᠯᠤᠯᠲᠠ ᠪᠤᠯᠬᠤ 《ᠢᠰᠯᠠᠮ ᠤᠨ ᠤᠯᠤᠰ》 ᠡᠴᠡ ᠲᠤᠰ ᠬᠡᠷᠡᠭ ᠲᠤ ᠬᠠᠷᠢᠭᠤᠴᠠᠯᠭ᠎ᠠ ᠡᠭᠦᠷᠭᠡᠯᠡᠨ᠎ᠡ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
010070230030000000000000011120791122217486