ᠤᠤᠯ ᠤᠨ ᠶᠡᠷᠦᠩᠬᠡᠢ ᠰᠠᠶᠢᠳ ᠠᠩᠭ᠍ᠯᠢ ᠳ᠋ᠤ ᠪᠠᠶᠢᠨ᠎ᠠ ᠭᠡᠵᠦ ᠲᠠᠶᠢᠯᠠᠨᠳ᠋ ᠤᠨ ᠭᠠᠲᠠᠭᠠᠲᠤ ᠶᠠᠪᠤᠲᠠᠯ ᠤᠨ ᠰᠠᠶᠢᠳ ᠤᠨᠴᠠᠯᠠᠪᠠ 2018-01-10 11:28

    ᠰᠢᠨᠬᠤᠧᠠ ᠬᠤᠷᠢᠶ᠎ᠠ   ᠪᠠᠩᠺᠦᠺ ᠤᠨ 1 ᠰᠠᠷ᠎ᠠ ᠶᠢᠨ 9 ᠤ ᠡᠲᠦᠷ ᠤᠨ ᠴᠠᠬᠢᠯᠭᠠᠨ ᠮᠡᠲᠡᠭᠡ   9 ᠤ ᠡᠲᠦᠷ ᠲᠠᠶᠢᠯᠠᠨᠳ᠋ ᠤᠨ ᠭᠠᠲᠠᠭᠠᠲᠤ ᠶᠠᠪᠤᠲᠠᠯ ᠤᠨ ᠰᠠᠶᠢᠳ ᠪᠠᠷ᠎ᠠ ᠰᠤᠷᠠᠭ ᠦᠭᠡᠢ ᠪᠤᠯᠤᠭᠰᠠᠨ ᠤᠤᠯ ᠤᠨ ᠶᠡᠷᠦᠩᠬᠡᠢ ᠰᠠᠶᠢᠳ ᠢᠩᠯᠠ ᠠᠩᠭ᠍ᠯᠢ ᠳ᠋ᠤ ᠪᠠᠶᠢᠨ᠎ᠠ ᠭᠡᠵᠦ ᠬᠡᠪᠯᠡᠯ ᠮᠡᠲᠡᠭᠡᠯᠡᠯ ᠤᠨ ᠬᠢᠨ ᠳ᠋ᠤ ᠤᠨᠴᠠᠯᠠᠪᠠ᠃ ᠲᠡᠷᠡ ᠪᠡᠷ ᠮᠦᠨ ᠬᠡᠯᠡᠬᠦ ᠳ᠋ᠡᠭᠡᠨ᠂ ᠦᠩᠭᠡᠷᠡᠭᠰᠡᠨ ᠤᠨ ᠤ 9 ᠰᠠᠷ᠎ᠠ ᠳ᠋ᠤ ᠠᠩᠭ᠍ᠯᠢ ᠲᠠᠶᠢᠯᠠᠨᠳ᠋ ᠤᠨ ᠲᠠᠯ᠎ᠠ ᠶᠢᠨ ᠬᠢᠨ ᠳ᠋ᠤ ᠢᠩᠯᠠ ᠲᠤᠰ ᠤᠯᠤᠰ ᠲᠤ ᠪᠠᠶᠢᠭ᠎᠎ᠠ ᠲᠤᠬᠠᠢ ᠮᠡᠲᠡᠭᠲᠡᠵᠡᠢ᠃ ᠲᠠᠶᠢᠯᠠᠨᠳ᠋ ᠤᠨ ᠵᠠᠰᠠᠭ ᠤᠨ ᠭᠠᠵᠠᠷ ᠡᠴᠡ ᠢᠩᠯᠠ ᠶᠢᠨ 4 ᠫᠠᠰᠫᠤᠷᠲ ᠢ ᠬᠦᠴᠦᠨ ᠦᠭᠡᠢ ᠪᠤᠯᠭᠠᠭᠰᠠᠨ ᠴᠤ ᠢᠩᠯᠠ ᠶᠠᠮᠡᠷ ᠪᠠᠶ᠎ᠠ ᠶᠢᠨ ᠭᠠᠷᠤᠯ ᠶᠢᠡᠷ ᠠᠩᠭ᠍ᠯᠢ ᠳ᠋ᠤ ᠤᠷᠤᠭᠰᠠᠨ ᠲᠤᠬᠠᠢ ᠬᠠᠷᠠᠬᠠᠨ ᠮᠡᠲᠡᠭᠡᠲᠦᠢ ᠶᠤᠮ᠃ ᠢᠩᠯᠠ ᠶᠢ ᠤᠯᠤᠰ ᠲᠠᠭᠠᠨ ᠰᠢᠯᠵᠢᠬᠦᠯᠦᠨ ᠠᠪᠴᠢᠷᠠᠬᠤ ᠲᠤᠬᠠᠢ ᠲᠠᠶᠢᠯᠠᠨᠳ᠋ ᠤᠨ ᠬᠢᠨ 《 ᠪᠦᠷᠢᠨ ᠭᠦᠢᠴᠡᠳ ᠪᠤᠲᠤᠯᠬᠢᠯᠠᠬᠤ 》ᠪᠤᠯᠤᠨ᠎ᠠ ᠭᠡᠵᠡᠢ᠃

    ᠢᠩᠯᠠ ᠲᠠᠢ ᠨᠢᠬᠲᠠ ᠬᠠᠷᠢᠯᠴᠠᠭ᠎ᠠ ᠲᠠᠢ ᠸᠸᠶᠢᠲ᠋ᠠᠢ ᠨᠠᠮ ᠤᠨ ᠬᠡᠯᠡᠬᠦ ᠪᠡᠷ᠂ ᠢᠩᠯᠠ ᠠᠩᠭ᠍ᠯᠢ ᠳ᠋ᠤ ᠤᠯᠤᠰ ᠲᠦᠷᠦ ᠶᠢᠨ ᠤᠷᠤᠩᠨᠠᠯ ᠭᠤᠶᠤᠴᠢᠯᠠᠭᠰᠠᠨ ᠭᠡᠵᠡᠢ᠃ ᠬᠡᠷᠪᠡ ᠡᠨᠡᠬᠦ ᠭᠤᠶᠤᠴᠢᠯᠠᠯ ᠢ ᠵᠦᠪᠰᠢᠶᠡᠷᠡᠪᠡᠯ ᠲᠡᠷᠡ 5 ᠵᠢᠯ ᠤᠨ ᠤᠷᠤᠩᠨᠠᠯᠲᠠ ᠬᠦᠷᠲᠡᠬᠦ ᠪᠤᠯᠤᠨ᠎ᠠ᠃ ᠲᠠᠶᠢᠯᠠᠨᠳ᠋ ᠤᠨ ᠬᠠᠦᠯᠢ ᠶᠢᠨ ᠮᠡᠷᠭᠡᠵᠢᠯᠲᠡᠨ ᠤ ᠦᠵᠬᠦ ᠪᠡᠷ᠂ ᠢᠩᠯᠠ ᠲᠠᠶᠢᠯᠠᠨᠳ᠋ ᠲᠤ ᠤᠯᠤᠰ ᠲᠦᠷᠦ ᠶᠢᠨ ᠲᠠᠷᠴᠢᠯᠭᠠᠯ ᠳ᠋ᠤ ᠤᠴᠠᠷᠠᠭᠰᠠᠨ ᠶᠢᠡᠨ ᠭᠡᠷᠡᠴᠢᠯᠡᠬᠦ ᠳ᠋ᠤ ᠬᠦᠷᠪᠡᠯ ᠠᠩᠭ᠍ᠯᠢ ᠶᠢᠨ ᠤᠯᠤᠰ ᠲᠦᠷᠦ ᠶᠢᠨ ᠤᠷᠤᠩᠨᠠᠯ ᠢ ᠬᠦᠷᠲᠡᠬᠦ ᠪᠤᠯᠤᠮᠵᠢ ᠲᠠᠢ ᠤᠴᠢᠷ ᠢᠩᠯᠠ ᠶᠢ ᠲᠠᠶᠢᠯᠠᠨᠳ᠋ ᠲᠤ ᠰᠢᠯᠵᠢᠬᠦᠯᠵᠦ ᠲᠡᠶᠢᠯᠬᠦ ᠦᠭᠡᠢ ᠭᠡᠪᠡ᠃ ᠲᠠᠶᠢᠯᠠᠨᠳ᠋ ᠤᠨ ᠭᠠᠲᠠᠭᠠᠲᠤ ᠶᠠᠪᠤᠲᠠᠯ ᠤᠨ ᠰᠠᠶᠢᠳ ᠤᠨ ᠦᠵᠡᠬᠦ ᠪᠡᠷ ᠤᠯᠤᠰ ᠲᠦᠷᠦ ᠶᠢᠨ ᠤᠷᠤᠩᠨᠠᠯ ᠨᠢ ᠬᠤᠶᠠᠷ ᠤᠯᠤᠰ ᠤᠨ ᠬᠠᠷᠢᠯᠴᠠᠭ᠎ᠠ ᠶᠢ ᠨᠦᠯᠦᠭᠡᠯᠡᠬᠦ ᠦᠭᠡᠢ ᠶᠤᠮ ᠭᠡᠯ᠎ᠡ᠃

    ᠢᠩᠯᠠ ᠲᠠᠶᠢᠯᠠᠨᠳ᠋ ᠤᠨ ᠵᠢᠭᠤᠯᠴᠢᠯᠠᠭᠴᠢᠳ ᠲᠠᠢ ᠠᠪᠬᠠᠭᠤᠯᠤᠭᠰᠠᠨ ᠵᠢᠷᠤᠭ ᠨᠢ ᠰᠡᠬᠦᠯ ᠤᠨ ᠦᠶ᠎ᠠ ᠳ᠋ᠤ ᠬᠠᠷᠢᠯᠴᠠᠭᠠᠨ ᠤ ᠮᠡᠲᠡᠭᠡᠯᠡᠯ ᠤᠨ ᠬᠡᠷᠡᠭᠰᠡᠯ ᠶᠢᠡᠷ ᠰᠠᠴᠤᠭᠲᠠᠪᠠ᠃ ᠲᠠᠶᠢᠯᠠᠨᠳ᠋ ᠤᠨ ᠴᠠᠭᠲᠠᠭᠠᠨ ᠤ ᠬᠢᠨ ᠠᠩᠭ᠍ᠯᠢ ᠶᠢᠨ ᠴᠠᠭᠲᠠᠭᠠᠨ ᠤ ᠲᠠᠯ᠎ᠠ ᠳ᠋ᠤ ᠢᠩᠯᠠ ᠶᠢᠨ ᠬᠢᠯᠢ ᠪᠡᠷ ᠤᠷᠤᠵᠤ ᠭᠠᠷᠤᠭᠰᠠᠨ ᠪᠠᠶᠢᠲᠠᠯ ᠤᠨ ᠲᠤᠬᠠᠢ ᠪᠠᠶᠢᠴᠠᠭᠠᠬᠤ ᠭᠤᠶᠤᠴᠢᠯᠠᠯ ᠲᠡᠪᠰᠢᠬᠦᠯᠦᠭᠰᠡᠨ ᠳ᠋ᠤ ᠠᠩᠭ᠍ᠯᠢ ᠤᠲᠤᠬᠠᠨ ᠪᠤᠯᠲᠠᠯ᠎ᠠ ᠬᠠᠷᠢᠭᠤ ᠦᠭ᠍ᠭᠦᠭ᠍ᠰᠡᠨ ᠦᠭᠡᠢ᠃

    ᠲᠤᠲᠤᠷᠭ᠎ᠠ ᠬᠤᠲᠠᠯᠲᠤᠨ ᠠᠪᠬᠤ ᠲᠦᠰᠦᠯ ᠪᠤᠯ ᠢᠩᠯᠠ ᠶᠡᠷᠦᠩᠬᠡᠢ ᠰᠠᠶᠢᠳ ᠤᠨ ᠲᠤᠰᠢᠶᠠᠯ ᠳ᠋ᠤ ᠭᠠᠷᠤᠭᠰᠠᠨ ᠤ ᠲᠠᠷᠠᠭ᠎ᠠ ᠬᠡᠷᠡᠭᠵᠢᠬᠦᠯᠦᠭᠰᠡᠨ ᠲᠦᠷᠦ ᠶᠢᠨ ᠪᠤᠲᠤᠯᠭ᠎ᠠ ᠪᠤᠯᠤᠨ᠎ᠠ᠃ 2014 ᠤᠨ ᠡᠴᠡ ᠡᠨᠡᠬᠦ ᠲᠦᠷᠦ ᠶᠢᠨ ᠪᠤᠲᠤᠯᠭ᠎ᠠ ᠨᠢ ᠤᠯᠤᠰ ᠤᠨ ᠬᠦᠮᠦᠷᠭᠡ ᠶᠢ ᠬᠤᠭᠤᠰᠤᠷᠠᠭᠤᠯᠵᠤ ᠶᠡᠬᠡ ᠬᠡᠮᠵᠢᠶᠠᠨ ᠤ ᠠᠪᠯᠢᠭᠠᠯ ᠳ᠋ᠤ ᠬᠤᠯᠪᠤᠭᠲᠠᠭᠰᠠᠨ ᠬᠡᠮᠡᠨ ᠰᠢᠬᠦᠮᠵᠢᠯᠡᠭᠲᠡᠵᠦ᠂ 2014 ᠤᠨ ᠤ 5 ᠰᠠᠷ᠎ᠠ ᠳ᠋ᠤ ᠲᠠᠶᠢᠯᠠᠨᠳ᠋ ᠤᠨ ᠦᠨᠳᠦᠰᠦᠨ ᠬᠠᠦᠯᠢ ᠶᠢᠨ ᠰᠢᠬᠦᠬᠦ ᠬᠤᠷᠢᠶ᠎ᠠ ᠡᠷᠬᠡ ᠪᠠᠨ ᠲᠤᠷ᠎ᠠ ᠪᠡᠷ ᠬᠡᠷᠡᠭᠯᠡᠭᠰᠡᠨ᠂ ᠦᠨᠳᠦᠰᠦᠨ ᠬᠠᠦᠯᠢ ᠶᠢ ᠵᠦᠷᠢᠴᠡᠭᠰᠡᠨ ᠬᠡᠮᠡᠨ ᠢᠩᠯᠠ ᠶᠢᠨ ᠶᠡᠷᠦᠩᠬᠡᠢ ᠰᠠᠶᠢᠳ ᠤᠨ ᠲᠤᠰᠢᠶᠠᠯ ᠢ ᠨᠢ ᠤᠭᠴᠠᠷᠠᠭᠤᠯᠪᠠ᠃ ᠡᠭᠦᠨ ᠤ ᠲᠠᠷᠠᠭ᠎᠎ᠠ ᠪᠡᠷ ᠲᠠᠶᠢᠯᠠᠨᠳ᠋ ᠤᠨ ᠴᠡᠷᠢᠭ ᠤᠨ ᠲᠠᠯ᠎ᠠ ᠶᠢᠨ ᠬᠢᠨ ᠲᠦᠷᠦ ᠶᠢᠨ ᠡᠷᠬᠢᠯᠲᠡ ᠭᠠᠷᠭᠠᠨ ᠵᠠᠰᠠᠭ ᠤᠨ ᠭᠠᠵᠠᠷ ᠢ ᠤᠨᠠᠭᠠᠵᠠᠢ᠃ 2015 ᠤᠨ ᠤ 2 ᠰᠠᠷ᠎ᠠ ᠳ᠋ᠤ ᠲᠠᠶᠢᠯᠠᠨᠳ᠋ ᠤᠨ ᠶᠡᠷᠦᠩᠬᠡᠢ ᠪᠠᠶᠢᠴᠠᠭᠠᠭᠴᠢ ᠲᠠᠷᠤᠭ᠎ᠠ ᠶᠢᠨ ᠠᠯᠪᠠᠨ ᠡᠴᠡ ᠢᠩᠯᠠ ᠶᠢ ᠬᠠᠮᠤᠭ ᠤᠨ ᠲᠡᠭᠡᠳᠦ ᠰᠢᠬᠦᠬᠦ ᠬᠤᠷᠢᠶᠠᠨ ᠳ᠋ᠤ ᠵᠠᠭᠠᠯᠲᠤᠭᠰᠠᠨ ᠪᠠᠶᠢᠨ᠎ᠠ᠃

    2017 ᠤᠨ ᠤ 9 ᠰᠠᠷ᠎ᠠ ᠳ᠋ᠤ ᠲᠠᠶᠢᠯᠠᠨᠳ᠋ ᠤᠨ ᠬᠠᠮᠤᠭ ᠤᠨ ᠲᠡᠭᠡᠳᠦ ᠰᠢᠬᠦᠬᠦ ᠬᠤᠷᠢᠶ᠎ᠠ ᠢᠩᠯᠠ ᠶᠢ ᠲᠤᠰᠢᠶᠠᠯ ᠶᠢᠡᠨ ᠴᠠᠯᠠᠭᠠᠷᠲᠠᠭᠤᠯᠤᠭᠰᠠᠨ᠂ ᠠᠪᠯᠢᠭᠠᠯ ᠢ ᠲᠠᠪᠠᠷᠠᠭᠤᠯᠤᠭᠰᠠᠨ ᠵᠡᠷᠭᠡ ᠶᠠᠯ᠎ᠠ ᠪᠡᠷ 5 ᠵᠢᠯ ᠤᠨ ᠬᠤᠭᠤᠴᠠᠭ᠎ᠠ ᠲᠠᠢ ᠬᠤᠷᠢᠬᠤ ᠪᠡᠷ ᠰᠢᠬᠦᠨ ᠲᠠᠰᠤᠯᠪᠠ᠃ ᠡᠨᠡᠬᠦ ᠬᠡᠷᠡᠭ ᠢ 8 ᠰᠠᠷ᠎ᠠ ᠶᠢᠨ ᠦᠶ᠎ᠠ ᠪᠡᠷ ᠰᠢᠬᠦᠨ ᠲᠠᠰᠤᠯᠤᠯᠲᠠ ᠬᠢᠬᠦ ᠪᠡᠷ ᠪᠠᠶᠢᠭᠰᠠᠨ ᠳ᠋ᠤ ᠢᠩᠯᠠ ᠪᠠᠶ᠎᠎ᠠ ᠨᠢ ᠬᠠᠷᠢᠭᠤ ᠦᠭᠡᠢ ᠭᠡᠵᠦ ᠰᠢᠬᠦᠨ ᠲᠠᠰᠤᠯᠤᠯᠲᠠ ᠳ᠋ᠤ ᠤᠷᠤᠯᠴᠠᠭᠰᠠᠨ ᠦᠭᠡᠢ᠂ ᠰᠢᠬᠦᠬᠦ ᠬᠤᠷᠢᠶ᠎᠎ᠠ ᠲᠠᠷᠠ ᠲᠠᠷᠤᠢ ᠳ᠋ᠤᠨᠢ ᠪᠠᠷᠢᠪᠴᠢᠯᠠᠬᠤ ᠵᠠᠷᠯᠢᠭ ᠪᠠᠭᠤᠯᠭᠠᠭᠰᠠᠨ ᠪᠠᠶᠢᠲᠠᠭ᠃ ᠬᠤᠵᠢᠮ ᠨᠢ ᠢᠩᠯᠠ ᠪᠠᠷ᠎ᠠ ᠰᠤᠷᠠᠭ ᠲᠠᠰᠤᠷᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
010070230030000000000000011120701122237471