蒙古文网站Logo
ᠰᠢᠨᠬᠤᠸᠠ ᠮᠤᠩᠭ᠋ᠤᠯ ᠨᠧᠲ

ᠮᠠᠺᠷᠤᠨ᠄ 《 ᠨᠢᠭᠡ ᠪᠦᠰᠡ ᠨᠢᠭᠡ ᠵᠠᠮ》  ᠹᠷᠠᠨᠼᠢ ᠲᠤᠮᠲᠠᠲᠤ ᠶᠢᠨ ᠬᠠᠮᠲᠤᠷᠠᠯᠴᠠᠭᠠᠨ ᠳ᠋ᠤ ᠨᠡᠩ ᠤᠯᠠᠨ ᠠᠵᠠ ᠲᠤᠬᠢᠶᠠᠯ ᠠᠪᠴᠢᠷᠠᠪᠠ

2018-01-11 11:24

    ᠰᠢᠨᠬᠤᠧᠠ ᠨᠧᠲ   ᠪᠡᠭᠡᠵᠢᠩ ᠤᠨ 1 ᠰᠠᠷ᠎ᠠ ᠶᠢᠨ 10 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠡᠦ ᠶᠤᠤ ᠡᠾᠦ᠋ᠢ ) 9 ᠤ ᠡᠲᠦᠷ ᠹᠷᠠᠨᠼᠢ ᠶᠢᠨ ᠶᠡᠷᠦᠩᠬᠡᠶᠢᠯᠡᠭᠴᠢ ᠮᠠᠺᠷᠤᠨ ᠪᠡᠭᠡᠵᠢᠩ ᠳ᠋ᠤ ᠲᠤᠮᠲᠠᠲᠤ ᠹᠷᠠᠨᠼᠢ ᠶᠢᠨ ᠵᠤᠬᠢᠶᠠᠮᠠᠯ ᠤᠬᠠᠭᠠᠯᠢᠭ ᠤᠨ ᠹᠤᠷᠦ᠋ᠮ ᠳ᠋ᠤ ᠤᠷᠤᠯᠴᠠᠵᠤ ᠭᠤᠤᠯ ᠵᠤᠷᠢᠯᠲᠠᠲᠤ ᠶᠠᠷᠢᠶ᠎ᠠ ᠲᠠᠯᠪᠢᠪᠠ᠃ ᠲᠡᠷᠡ ᠪᠡᠷ 《 ᠨᠢᠭᠡ ᠪᠦᠰᠡ ᠨᠢᠭᠡ ᠵᠠᠮ》 ᠨᠢ ᠨᠡᠩ ᠤᠯᠠᠨ ᠠᠵᠠ ᠲᠤᠬᠢᠶᠠᠯ ᠪᠤᠢ ᠪᠤᠯᠭᠠᠵᠤ᠂ ᠹᠷᠠᠨᠼᠢ ᠲᠤᠮᠲᠠᠲᠤ ᠬᠤᠶᠠᠷ ᠤᠷᠤᠨ ᠳ᠋ᠤ ᠦᠷᠭᠡᠨ ᠪᠤᠯᠤᠮᠵᠢᠲᠠᠢ ᠬᠠᠮᠲᠤᠷᠠᠯᠴᠠᠭ᠎ᠠ ᠶᠢ ᠪᠤᠢ ᠪᠤᠯᠭᠠᠬᠤ ᠪᠤᠯᠤᠨ᠎ᠠ ᠭᠡᠵᠡᠢ᠃

    ᠮᠠᠺᠷᠤᠨ ᠤᠨᠴᠠᠯᠠᠬᠤ ᠳ᠋ᠠᠭᠠᠨ᠂ ᠰᠢ ᠵᠢᠨ ᠫᠢᠩ ᠲᠡᠷᠢᠬᠦᠯᠡᠭᠴᠢ ᠶᠢᠨ ᠲᠤᠷᠠᠲᠤᠭᠰᠠᠨ《ᠨᠢᠭᠡ ᠪᠦᠰᠡ ᠨᠢᠭᠡ ᠵᠠᠮ》ᠰᠠᠨᠠᠭᠠᠴᠢᠯᠠᠭ᠎ᠠ ᠨᠢ ᠡᠳ᠋ ᠤᠨ ᠵᠠᠰᠠᠭ᠂ ᠲᠡᠳ᠋ ᠪᠦᠲᠦᠴᠡ ᠶᠢᠨ ᠪᠠᠶᠢᠭᠤᠯᠤᠯᠲᠠ ᠵᠡᠷᠭᠡ ᠰᠠᠯᠪᠤᠷᠢ ᠶᠢᠨ ᠬᠦᠭ᠍ᠵᠢᠯᠲᠠ ᠵᠢᠴᠢ ᠤᠷᠤᠨ ᠪᠦᠰᠡ ᠶᠢᠨ ᠠᠮᠤᠷ ᠲᠤᠭᠲᠠᠭᠤᠨ ᠢ ᠬᠠᠮᠠᠭᠠᠯᠠᠪᠠ᠃ ᠹᠷᠠᠨᠼᠢ《ᠨᠢᠭᠡ ᠪᠦᠰᠡ ᠨᠢᠭᠡ ᠵᠠᠮ》 ᠤ᠋ᠨ ᠲᠤᠭᠲᠠᠯᠴᠠᠭᠠᠨ ᠤ ᠲᠠᠭᠠᠤ ᠲᠤᠮᠲᠠᠲᠤ ᠤᠯᠤᠰ ᠯᠤᠭ᠎ᠠ ᠶᠢᠨ ᠬᠡᠯᠡᠯᠴᠡᠭᠡ ᠪᠠᠨ ᠴᠢᠩᠭ᠋ᠠᠳᠬᠠᠵᠤ ᠬᠠᠮᠲᠤᠷᠠᠨ ᠠᠵᠢᠯᠯᠠᠵᠤ ᠬᠠᠮᠲᠤ ᠪᠡᠷ ᠠᠰᠢᠭ ᠬᠦᠷᠲᠡᠬᠦ ᠪᠤᠯᠤᠨ᠎ᠠ᠃

    ᠮᠠᠺᠷᠤᠨ ᠲᠤᠮᠲᠠᠲᠤ ᠹᠷᠠᠨᠼᠢ ᠬᠠᠮᠲᠤ ᠪᠡᠷ ᠠᠭᠤᠷ ᠠᠮᠢᠰᠬᠤᠯ ᠤᠨ ᠬᠤᠪᠢᠷᠠᠯᠲᠠ ᠶᠢᠨ 《ᠫᠠᠷᠢᠰ ᠤᠨ ᠬᠡᠯᠡᠯᠴᠡᠭᠡᠷ》 ᠢ᠋ ᠬᠠᠮᠠᠭᠠᠯᠠᠵᠤ ᠦᠷ᠎ᠠ ᠪᠦᠲᠦᠭᠡᠯ ᠤᠯᠤᠭᠰᠠᠨ ᠳ᠋ᠤ ᠪᠠᠶᠠᠷᠯᠠᠵᠤ ᠪᠠᠶᠢᠭ᠎ᠠ ᠪᠠᠨ ᠢᠯᠡᠷᠬᠡᠶᠢᠯᠡᠪᠡ᠃ ᠲᠡᠬᠦᠨ ᠤ ᠦᠵᠡᠬᠦ ᠪᠡᠷ ᠬᠤᠶᠠᠷ ᠤᠷᠤᠨ ᠶᠢᠡᠷ ᠶᠢᠡᠨ ᠡᠨ᠋᠋ᠧᠷᠬᠢ ᠶᠢᠨ ᠬᠡᠯᠪᠡᠷᠢ ᠶᠢᠨ ᠬᠤᠪᠢᠷᠠᠭᠠᠯᠲᠠ ᠳ᠋ᠤ ᠤᠯᠠᠮ ᠴᠢᠨᠠᠬᠰᠢᠳᠠ ᠬᠠᠮᠲᠤᠷᠠᠯᠴᠠᠵᠤ᠂ ᠲᠠᠬᠢᠨ ᠡᠭᠦᠰᠴᠦ ᠪᠤᠯᠬᠤ ᠡᠨᠧᠷᠬᠢ ᠰᠠᠯᠪᠤᠷᠢ ᠶᠢᠨ ᠬᠠᠮᠲᠤᠷᠠᠯᠴᠠᠭ᠎ᠠ ᠪᠠᠨ ᠴᠢᠩᠭ᠋ᠠᠳᠬᠠᠨ᠎ᠠ ᠭᠡᠵᠡᠢ᠃ ᠮᠦᠨ ᠦᠢᠯᠡᠰ ᠪᠤᠰᠬᠠᠬᠤ ᠰᠢᠨ᠎ᠡ ᠶᠢ ᠡᠭᠦᠳᠬᠦ ᠲᠠᠯ᠎ᠠ ᠪᠡᠷ ᠬᠤᠶᠠᠷ ᠤᠷᠤᠨ ᠶᠢᠡᠷ ᠶᠢᠡᠨ ᠲᠤᠭᠲᠠᠪᠤᠷᠢᠲᠠᠢ ᠲᠤᠭᠲᠠᠯᠴᠠᠭ᠎ᠠ ᠪᠠᠶᠢᠭᠤᠯᠵᠤ ᠤᠨᠴᠠᠭᠠᠶᠢᠯᠠᠨ ᠵᠤᠬᠢᠶᠠᠮᠠᠯ ᠤᠬᠠᠭᠠᠯᠢᠭ ᠤᠨ ᠰᠠᠯᠪᠤᠷᠢ ᠳ᠋ᠤ ᠦᠷᠬᠡᠨ ᠬᠠᠮᠲᠤᠷᠠᠯᠴᠠᠬᠤ ᠶᠢ ᠬᠦᠰᠡᠪᠡ᠃

    ᠮᠠᠺᠷᠤᠨ ᠠᠵᠤ ᠠᠬᠤᠶᠢᠯᠠᠯᠲᠠᠨ᠂ ᠬᠦᠷᠦᠩᠭᠡ ᠤᠷᠤᠭᠤᠯᠤᠭᠴᠢᠳ ᠢ ᠬᠤᠶᠠᠷ ᠤᠷᠤᠨ ᠤ ᠠᠷᠠᠯᠵᠢᠶ᠎ᠠ ᠬᠤᠲᠠᠯᠲᠤᠭᠠᠨ ᠤ ᠰᠤᠯᠢᠯᠴᠠᠭᠠᠨ ᠳ᠋ᠤ ᠴᠢᠬᠤᠯᠠ ᠦᠢᠯᠡᠳᠦᠯ ᠦᠵᠡᠬᠦᠯᠵᠦ᠂ ᠨᠡᠩ ᠶᠡᠬᠡ ᠬᠤᠪᠢ ᠨᠡᠮᠡᠷᠢ ᠭᠠᠷᠭᠠᠬᠤ ᠶᠢ ᠬᠦᠰᠡᠪᠡ᠃

    ᠤᠯᠤᠰ ᠤᠨ ᠲᠡᠷᠢᠬᠦᠯᠡᠭᠴᠢ ᠰᠢ ᠵᠢᠨ ᠫᠢᠩ ᠤᠨ ᠤᠷᠢᠯᠭ᠎ᠠ ᠪᠡᠷ ᠹᠷᠠᠨᠼᠢ ᠶᠢᠨ ᠶᠡᠷᠦᠩᠬᠡᠶᠢᠯᠡᠭᠴᠢ ᠮᠠᠺᠷᠤᠨ 1 ᠰᠠᠷ᠎ᠠ ᠶᠢᠨ 8 ᠤ ᠡᠲᠦᠷ ᠡᠴᠡ 10 ᠤ ᠡᠲᠦᠷ ᠪᠤᠯᠲᠠᠯ᠎ᠠ ᠮᠠᠨ ᠤ ᠤᠯᠤᠰ ᠲᠤ ᠲᠦᠷᠦ ᠶᠢᠨ ᠠᠶᠢᠯᠴᠢᠯᠠᠯ ᠬᠢᠪᠡ᠃ 

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122244039