蒙古文网站Logo
ᠰᠢᠨᠬᠤᠸᠠ ᠮᠤᠩᠭ᠋ᠤᠯ ᠨᠧᠲ

ᠲᠦᠨᠢᠰ ᠤᠨ ᠤᠯᠠᠨ ᠭᠠᠵᠠᠷ ᠲᠤ ᠰᠦᠷᠲᠦ ᠵᠢᠬᠰᠠᠭᠠᠯ ᠶᠠᠪᠤᠭᠤᠯᠤᠭᠠᠳ ᠠᠲᠠᠭ ᠲᠠᠭᠠᠨ 600 ᠬᠦᠮᠦᠨ  ᠪᠠᠷᠢᠪᠴᠢᠯᠠᠬᠳᠠᠪᠠ

2018-01-12 17:14

    ᠰᠢᠨᠬᠤᠧᠠ ᠬᠤᠷᠢᠶ᠎ᠠ   ᠲᠦᠨᠢᠰ ᠤᠨ 1 ᠰᠠᠷ᠎ᠠ ᠶᠢᠨ 11 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠮᠠ ᠳ᠋ᠢ᠂ ᠯᠢᠦ ᠺᠠᠢ ) 11 ᠤ ᠡᠲᠦᠷ ᠲᠦᠨᠢᠰ ᠤᠨ ᠤᠯᠠᠨ ᠭᠠᠵᠠᠷ ᠲᠤ ᠡᠭᠦᠰᠦᠭᠰᠡᠨ ᠰᠦᠷᠲᠦ ᠵᠢᠬᠰᠠᠭᠠᠯ ᠤᠨ ᠠᠵᠢᠯᠯᠠᠭ᠎ᠠ ᠦᠷᠬᠦᠯᠵᠢᠯᠡᠵᠦ ᠬᠦᠴᠦᠷᠬᠡᠭ᠍ᠯᠡᠯ ᠤᠨ ᠴᠢᠨᠠᠷᠲᠠᠢ ᠰᠠᠮᠠᠭᠤᠷᠠᠯ ᠪᠤᠯᠪᠠ᠃ ᠲᠦᠨᠢᠰ ᠤᠨ ᠲᠤᠲᠤᠭᠠᠲᠤ ᠶᠠᠪᠤᠲᠠᠯ ᠤᠨ ᠶᠠᠮᠤᠨ ᠤ ᠬᠡᠯᠡᠬᠦ ᠪᠡᠷ᠂ ᠮᠦᠷᠬᠦᠯᠲᠦᠭᠡᠨ ᠡᠴᠡ ᠪᠤᠯᠵᠤ 1 ᠬᠦᠮᠦᠨ ᠠᠮᠢ ᠪᠠᠨ ᠠᠯᠲᠠᠵᠤ᠂ 60 ᠭᠠᠷᠤᠢ ᠠᠶᠤᠯᠬᠦᠢ ᠶᠢᠨ ᠬᠦᠮᠦᠨ ᠰᠢᠷᠬᠠᠲᠤᠵᠤ᠂ 50 ᠭᠠᠷᠤᠢ ᠴᠠᠭᠲᠠᠭᠠᠨ ᠤ ᠤᠨᠤᠭ᠎ᠠ ᠰᠦᠢᠳᠪᠡ᠂ ᠤᠲᠤᠬᠠᠨ ᠪᠤᠯᠲᠠᠯ᠎ᠠ ᠨᠠᠭᠠᠲᠤ ᠵᠠᠬ᠎ᠠ ᠳ᠋ᠠᠭᠠᠨ 600 ᠬᠦᠮᠦᠨ ᠪᠠᠷᠢᠪᠴᠢᠯᠠᠬᠳᠠᠭᠠᠳ ᠪᠠᠶᠢᠨ᠎ᠠ᠃

    ᠪᠠᠷᠢᠪᠴᠢᠯᠠᠭᠲᠠᠭᠰᠠᠳ ᠤᠨ ᠤᠯᠠᠩᠬᠢ ᠨᠢ ᠵᠠᠯᠠᠭᠤᠴᠤᠳ ᠪᠠᠶᠢᠵᠤ᠂ ᠡᠲᠡᠭᠡᠷ ᠬᠦᠮᠦᠰ ᠪᠤᠯᠢᠶᠠᠵᠤ ᠲᠡᠭᠡᠷᠡᠮᠲᠡᠬᠦ᠂ ᠭᠠᠯ ᠲᠠᠯᠪᠢᠬᠤ ᠵᠡᠷᠭᠡ ᠠᠵᠢᠯᠯᠠᠭᠠ ᠳ᠋ᠤ ᠤᠷᠤᠯᠴᠠᠭᠰᠠᠨ ᠶᠢᠡᠷ ᠰᠦᠷᠲᠦ ᠵᠢᠬᠰᠠᠭᠠᠯ ᠤᠨ ᠤᠭ ᠠᠵᠢᠯᠯᠠᠭ᠎ᠠ ᠶᠢᠨ ᠤᠳᠬ᠎ᠠ ᠴᠢᠨᠠᠷ ᠶᠢᠡᠨ ᠠᠯᠲᠠᠵᠤ ᠨᠡᠶᠢᠭᠡᠮ ᠤᠨ ᠡᠮᠬᠢ ᠲᠢᠭ᠍ᠯᠢᠮ ᠢ ᠰᠠᠮᠠᠷᠠᠭᠤᠯᠤᠭᠰᠠᠨ ᠭᠡᠵᠦ ᠲᠦᠨᠢᠰ ᠤᠨ ᠲᠤᠲᠤᠭᠠᠲᠤ ᠶᠠᠪᠤᠲᠠᠯ ᠤᠨ ᠶᠠᠮᠤᠨ ᠤ ᠦᠬᠦᠯᠡᠭᠴᠢ ᠶᠠᠷᠢᠨ᠎ᠠ᠃

    ᠲᠤᠰ ᠤᠲᠠᠭᠠᠨ ᠤ ᠰᠦᠷᠲᠦ ᠵᠢᠬᠰᠠᠭᠠᠯ ᠤᠨ ᠠᠵᠢᠯᠯᠠᠭ᠎ᠠ 8 ᠤ ᠡᠲᠦᠷ ᠨᠡᠶᠢᠰᠯᠡᠯ ᠲᠦᠨᠢᠰ ᠬᠤᠲᠠ ᠡᠴᠡ ᠡᠬᠢᠯᠡᠵᠦ᠂ ᠤᠯᠤᠰ ᠲᠠᠶᠠᠭᠠᠷ ᠤᠨ ᠠᠷᠪᠠ ᠭᠠᠷᠤᠢ ᠮᠤᠵᠢ  ᠶᠢ ᠪᠦᠷᠬᠦᠭ᠍ᠰᠡᠨ ᠪᠠᠶᠢᠨ᠎ᠠ᠃ ᠤᠶᠢᠯᠠᠭᠠᠭᠰᠠᠨ ᠶᠢᠡᠷ ᠰᠦᠷᠲᠦ ᠵᠢᠬᠰᠠᠭᠠᠯ ᠤᠨ ᠠᠵᠢᠯᠯᠠᠭ᠎ᠠ ᠨᠢ ᠭᠤᠤᠯᠲᠠᠭᠤ ᠢᠷᠭᠡᠳ ᠤᠨ ᠠᠮᠢᠵᠢᠷᠠᠭ᠎ᠠ ᠲᠠᠢ ᠬᠤᠯᠪᠤᠭᠲᠠᠵᠤ ᠪᠤᠲᠠᠰ ᠤᠨ ᠦᠨ᠎ᠡ ᠦᠰᠦᠭᠰᠡᠨ ᠡᠴᠡ ᠰᠢᠭᠤᠳ ᠰᠢᠯᠲᠠᠭᠠᠯᠠᠭᠲᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122251786