微信打开
蒙古文网站Logo
ᠰᠢᠨᠬᠤᠸᠠ ᠮᠤᠩᠭ᠋ᠤᠯ ᠨᠧᠲ

ᠬᠦᠬᠡᠬᠤᠳᠠ ᠶᠢ ᠤᠯᠤᠰ ᠤᠨ ᠬᠦᠨᠡᠰᠦᠨ ᠤ ᠠᠶᠤᠯᠬᠦᠢ ᠶᠢᠨ ᠬᠤᠳᠠ ᠪᠤᠯᠭᠠᠨ ᠪᠠᠶᠢᠭᠤᠯᠤᠨ᠎ᠠ

2016-03-17 16:43

    ᠰᠢᠨᠬᠤᠧᠠ ᠨᠧᠲ  ᠬᠦᠬᠡᠬᠤᠳᠠ ᠶᠢᠨ 3 ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠬᠡ (ᠰᠢᠤᠢ ᠶᠠᠨ᠂ ᠶᠠᠩ ᠳᠡᠭᠷᠢ) ᠳᠤᠰ ᠡᠳᠦᠷ᠂ ᠦᠪᠦᠷ ᠮᠤᠩᠭ᠋ᠤᠯ ᠤᠨ ᠬᠦᠨᠡᠰᠦᠨ ᠤ ᠬᠤᠳᠠᠯᠳᠤᠭᠠᠴᠢᠳ ᠤᠨ ᠡᠪᠯᠡᠯ᠂ ᠬᠦᠬᠡᠬᠤᠳᠠ ᠶᠢᠨ ᠢᠳᠡᠬᠡᠨ ᠤ ᠵᠦᠢᠯ ᠪᠤᠯᠤᠨ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠳᠤᠪᠴᠢᠶ᠎ᠠ ᠬᠠᠮᠳᠤᠷᠠᠨ ᠵᠤᠬᠢᠶᠠᠨ ᠪᠠᠶᠢᠭᠤᠯᠤᠭᠰᠠᠨ ᠦᠪᠦᠷ ᠮᠤᠩᠭ᠋ᠤᠯ ᠤᠨ ᠬᠤᠶᠠᠳᠡᠬᠢ ᠡᠬᠡᠯᠵᠢ ᠶᠢᠨ ᠬᠦᠨᠡᠰᠦᠨ ᠤ ᠠᠶᠤᠯᠬᠦᠢ ᠶᠢᠨ ᠤᠨ ᠤ ᠬᠤᠷᠠᠯ ᠵᠢᠴᠢ ᠬᠦᠬᠡᠬᠤᠳᠠ ᠶᠢᠨ《ᠤᠯᠤᠰ ᠤᠨ ᠬᠦᠨᠡᠰᠦᠨ ᠤ ᠠᠶᠤᠯᠬᠦᠢ ᠶᠢᠨ ᠬᠤᠳᠠ》 ᠶᠢ ᠪᠠᠶᠢᠭᠤᠯᠬᠤ ᠤᠬᠠᠭᠤᠯᠭ᠎ᠠ ᠶᠢᠨ ᠠᠵᠢᠯᠯᠠᠭ᠎ᠠ ᠬᠦᠬᠡᠬᠤᠳᠠ ᠳᠤ ᠪᠤᠯᠵᠤ ᠦᠩᠬᠡᠷᠡᠯ᠎ᠡ᠃

    ᠬᠦᠬᠡᠬᠤᠳᠠ ᠶᠢᠨ ᠳᠡᠳ᠋ ᠬᠤᠳᠠ ᠶᠢᠨ ᠳᠠᠷᠤᠭ᠎ᠠ ᠪᠠᠢ ᠵᠢᠨ ᠰᠢᠶᠠᠩ ᠬᠤᠷᠠᠯ ᠳᠤ ᠤᠷᠤᠯᠴᠠᠵᠤ᠂ ᠬᠤᠷᠠᠯ ᠢ ᠡᠬᠢᠯᠡᠬᠦᠯᠦᠭᠰᠡᠨ ᠪᠠ ᠦᠪᠡᠷᠳᠡᠬᠡᠨ ᠵᠠᠰᠠᠬᠤ ᠤᠷᠤᠨ ᠤ ᠬᠦᠨᠡᠰᠦᠨ ᠤ ᠠᠶᠤᠯᠬᠦᠢ ᠶᠢᠨ ᠵᠦᠪᠯᠡᠯ ᠤᠨ ᠬᠡᠰᠢᠬᠦᠨ ᠨᠢᠬᠡᠴᠡ ᠨᠤᠬᠦᠳ᠂ ᠰᠢᠨᠵᠢᠯᠡᠬᠦ ᠤᠬᠠᠭᠠᠨ ᠲᠧᠭᠯᠤᠨᠤᠬᠢ ᠰᠤᠳᠤᠯᠬᠤ ᠶᠡᠬᠡ ᠳᠡᠬᠡᠳᠦ ᠰᠤᠷᠭᠠᠭᠤᠯᠢ ᠶᠢᠨ ᠳᠤᠰᠬᠠᠢ ᠮᠡᠷᠬᠡᠵᠢᠯᠳᠡᠳ᠂ ᠰᠠᠯᠪᠤᠷᠢ ᠶᠢᠨ ᠨᠡᠶᠢᠬᠡᠮᠯᠢᠭ᠌ ᠤᠨ ᠬᠠᠷᠢᠭᠤᠴᠠᠯᠭᠠᠳᠠᠨ ᠵᠢᠴᠢ ᠬᠦᠳᠡᠬᠡ ᠠᠵᠤ ᠠᠬᠤᠢ᠂ ᠬᠦᠨᠡᠰᠦ᠂ ᠬᠤᠭᠤᠯᠠᠨ ᠬᠡᠷ ᠤᠨ ᠠᠵᠤ ᠠᠬᠤᠶᠢᠯᠠᠯ ᠤᠨ ᠳᠦᠯᠦᠬᠡᠯᠡᠭᠴᠢ ᠨᠡᠶᠢᠳᠡ 380 ᠭᠠᠷᠤᠢ ᠬᠦᠮᠦᠨ ᠬᠤᠷᠠᠯ ᠳᠤ ᠤᠷᠤᠯᠴᠠᠵᠠᠢ᠃

    ᠪᠠᠢ ᠵᠢᠨ ᠰᠢᠶᠠᠩ᠂ 《13•5》ᠬᠦᠭ᠍ᠵᠢᠯᠳᠡ ᠶᠢᠨ ᠳᠦᠰᠦᠯ ᠢ ᠡᠬᠢᠯᠡᠵᠤ ᠬᠡᠷᠡᠭᠵᠢᠬᠦᠯᠬᠦ ᠪᠠ ᠴᠢᠨᠡᠬᠡᠯᠢᠭ᠌ ᠨᠡᠶᠢᠬᠡᠮ ᠢ ᠪᠦᠬᠦ ᠳᠠᠯ᠎ᠠ ᠪᠡᠷ ᠪᠠᠶᠢᠭᠤᠯᠬᠤ ᠵᠠᠩᠬᠢᠯᠠᠭ᠎ᠠ ᠶᠢᠨ ᠵᠢᠯ ᠳᠤᠬᠢᠶᠠᠵᠤ ᠪᠠᠶᠢᠭ᠎ᠠ ᠶᠢᠨ ᠳᠡᠬᠡᠷ᠎ᠡ᠂ ᠬᠦᠨᠡᠰᠦᠨ ᠤ ᠠᠶᠤᠯᠬᠦᠢ ᠨᠢ ᠠᠷᠠᠳ ᠤᠨ ᠠᠮᠢᠵᠢᠷᠠᠭᠠᠨ ᠤ ᠢᠨᠵᠧᠨᠧᠷᠢᠩ ᠲᠠᠢ ᠬᠤᠯᠪᠤᠭᠳᠠᠬᠤ ᠴᠢᠬᠤᠯᠠ ᠠᠵᠢᠯ ᠪᠤᠯᠬᠤᠷ ᠤᠯᠠᠮ ᠴᠢᠬᠤᠯᠠᠴᠢᠯᠠᠬᠤ ᠬᠡᠷᠡᠭᠳᠡᠢ᠃ ᠬᠦᠬᠡᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠬᠦᠨᠡᠰᠦᠨ ᠤ ᠠᠶᠤᠯᠬᠦᠢ ᠶᠢ ᠪᠠᠳᠤᠯᠠᠬᠤ ᠠᠵᠢᠯ ᠢ ᠳᠡᠬᠡᠳᠦ ᠬᠡᠮᠵᠢᠶ᠎ᠡ ᠪᠡᠷ ᠴᠢᠬᠤᠯᠠᠴᠢᠯᠠᠵᠤ᠂ ᠦᠪᠡᠷᠳᠡᠬᠡᠨ ᠵᠠᠰᠠᠬᠤ ᠤᠷᠤᠨ ᠤ《ᠤᠯᠤᠰ ᠤᠨ ᠬᠦᠨᠡᠰᠦᠨ ᠤ ᠠᠶᠤᠯᠬᠦᠢ ᠶᠢᠨ ᠬᠤᠳᠠ》 ᠶᠢ ᠪᠠᠶᠢᠭᠤᠯᠬᠤ ᠠᠵᠢᠯ ᠤᠨ ᠪᠠᠶᠢᠷᠢᠯᠠᠭᠤᠯᠤᠯᠳᠠ ᠶᠢᠨ ᠳᠠᠭᠠᠤ ᠢᠳᠡᠬᠡᠨ ᠤ ᠵᠦᠢᠯ ᠪᠤᠯᠤᠨ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠳᠤᠭᠳᠠᠯᠴᠠᠭᠠᠨ ᠳᠤ ᠦᠬᠡᠷᠡᠴᠢᠯᠡᠯᠳᠡ ᠬᠢᠨ᠎ᠡ ᠬᠡᠵᠡᠢ᠃

ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠳᠤᠳᠤᠭᠠᠳᠤ ᠶᠢ ᠬᠠᠮᠠᠭᠠᠯᠠᠬᠤ ᠳᠢᠩᠬᠢᠮ ᠤᠨ ᠬᠦᠨᠡᠰᠦ ᠡᠮ ᠤᠨ ᠪᠦᠳᠦᠬᠡᠭ᠍ᠳᠡᠬᠦᠨ ᠪᠤᠯᠤᠨ ᠤᠷᠴᠢᠨ ᠠᠬᠤᠢ ᠶᠢᠨ ᠬᠡᠮᠳᠦ ᠬᠡᠷᠡᠭ ᠢ ᠮᠦᠷᠳᠡᠨ ᠪᠠᠶᠢᠴᠠᠭᠠᠬᠤ ᠶᠡᠷᠦᠩᠬᠡᠢ ᠠᠩᠬᠢ ᠶᠢᠨ ᠺᠤᠮᠢᠰᠰᠠᠷ ᠰᠦᠬᠡ

    ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠳᠤᠳᠤᠭᠠᠳᠤ ᠶᠢ ᠬᠠᠮᠠᠭᠠᠯᠠᠬᠤ ᠳᠢᠩᠬᠢᠮ ᠤᠨ ᠬᠦᠨᠡᠰᠦ ᠡᠮ ᠤᠨ ᠪᠦᠳᠦᠬᠡᠭ᠍ᠳᠡᠬᠦᠨ ᠪᠤᠯᠤᠨ ᠤᠷᠴᠢᠨ ᠠᠬᠤᠢ ᠶᠢᠨ ᠬᠡᠮᠳᠦ ᠬᠡᠷᠡᠭ ᠢ ᠮᠦᠷᠳᠡᠨ ᠪᠠᠶᠢᠴᠠᠭᠠᠬᠤ ᠶᠡᠷᠦᠩᠬᠡᠢ ᠠᠩᠬᠢ ᠶᠢᠨ ᠺᠤᠮᠢᠰᠰᠠᠷ ᠰᠦᠬᠡ ᠰᠢᠨᠬᠤᠧᠠ ᠨᠧᠲ ᠤᠨ ᠦᠪᠦᠷ ᠮᠤᠩᠭ᠋ᠤᠯ ᠰᠤᠪᠠᠭ ᠤᠨ ᠰᠤᠷᠪᠤᠯᠵᠢᠯᠠᠭ᠎ᠠ ᠶᠢ ᠬᠦᠯᠢᠶᠡᠬᠦ ᠳ᠋ᠡᠬᠡᠨ᠂ ᠤᠳᠤᠬᠠᠨ ᠳᠤ ᠮᠠᠨ ᠤ ᠤᠷᠤᠨ ᠤ 8 ᠠᠶᠢᠮᠠᠭ ᠬᠤᠳᠠ ᠨᠢᠬᠡᠨᠳᠡ ᠬᠦᠨᠡᠰᠦ ᠡᠮ ᠤᠨ ᠪᠦᠳᠦᠬᠡᠭ᠍ᠳᠡᠬᠦᠨ ᠪᠤᠯᠤᠨ ᠤᠷᠴᠢᠨ ᠠᠬᠤᠢ ᠶᠢᠨ ᠬᠡᠮᠳᠦ ᠬᠡᠷᠡᠭ ᠢ ᠮᠦᠷᠳᠡᠨ ᠪᠠᠶᠢᠴᠠᠭᠠᠬᠤ ᠰᠠᠯᠪᠤᠷᠢ ᠠᠩᠬᠢ ᠪᠠᠶᠢᠭᠤᠯᠤᠭᠰᠠᠨ ᠬᠡᠵᠡᠢ᠃

ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠬᠦᠨᠡᠰᠦ ᠡᠮ ᠤᠨ ᠪᠦᠳᠦᠬᠡᠭ᠍ᠳᠡᠬᠦᠨ ᠢ ᠬᠢᠨᠠᠨ ᠬᠠᠮᠢᠶᠠᠷᠬᠤ ᠳᠤᠪᠴᠢᠶᠠᠨ ᠤ ᠬᠦᠨᠡᠰᠦᠨ ᠤ ᠠᠶᠤᠯᠬᠦᠢ ᠶᠢᠨ ᠳᠠᠭᠠᠭᠠᠮᠠᠯ ᠫᠧᠩ ᠸᠠᠨ ᠵᠧᠨ

    ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠬᠦᠨᠡᠰᠦ ᠡᠮ ᠤᠨ ᠪᠦᠳᠦᠬᠡᠭ᠍ᠳᠡᠬᠦᠨ ᠢ ᠬᠢᠨᠠᠨ ᠬᠠᠮᠢᠶᠠᠷᠬᠤ ᠳᠤᠪᠴᠢᠶᠠᠨ ᠤ ᠬᠦᠨᠡᠰᠦᠨ ᠤ ᠠᠶᠤᠯᠬᠦᠢ ᠶᠢᠨ ᠳᠠᠭᠠᠭᠠᠮᠠᠯ ᠫᠧᠩ ᠸᠠᠨ ᠵᠧᠨ᠂ ᠬᠦᠨᠡᠰᠦᠨ ᠤ ᠠᠶᠤᠯᠬᠦᠢ ᠶᠢᠨ ᠬᠤᠳᠠ ᠨᠢ ᠤᠯᠤᠰ ᠤᠨ ᠬᠡᠮᠵᠢᠶᠡᠨ ᠳᠤ ᠬᠡᠷᠡᠭᠵᠢᠬᠦᠯᠵᠤ ᠪᠠᠶᠢᠭ᠎ᠠ ᠬᠦᠨᠡᠰᠦᠨ ᠤ ᠠᠶᠤᠯᠬᠦᠢ ᠶᠢᠨ ᠬᠢᠨᠠᠨ ᠬᠠᠮᠢᠶᠠᠷᠤᠯᠳᠠ ᠶᠢ ᠴᠢᠩᠭ᠋ᠠᠳᠬᠠᠵᠤ᠂ ᠤᠷᠤᠨ ᠨᠤᠳᠤᠭ ᠤᠨ ᠬᠦᠨᠡᠰᠦᠨ ᠤ ᠠᠶᠤᠯᠬᠦᠢ ᠶᠢᠨ ᠳᠦᠪᠰᠢᠨ ᠢ ᠳᠡᠬᠡᠭ᠍ᠰᠢᠯᠡᠬᠦᠯᠬᠦ ᠠᠵᠢᠯᠯᠠᠭ᠎ᠠ ᠪᠤᠯᠬᠤ ᠶᠤᠮ ᠬᠡᠵᠡᠢ᠃

ᠦᠪᠦᠷ ᠮᠤᠩᠭ᠋ᠤᠯ ᠤᠨ ᠬᠦᠨᠡᠰᠦᠨ ᠤ ᠬᠤᠳᠠᠯᠳᠤᠭᠠᠴᠢᠳ ᠤᠨ ᠡᠪᠯᠡᠯ ᠤᠨ ᠬᠢᠨ《ᠬᠦᠨᠡᠰᠦᠨ ᠤ ᠠᠶᠤᠯᠬᠦᠢ ᠶᠢ ᠪᠠᠳᠤᠯᠠᠬᠤ ᠠᠮᠠᠯᠠᠯᠳᠠ ᠶᠢᠨ ᠪᠢᠴᠢᠭ᠌》 ᠲᠤ ᠭᠠᠷ ᠤᠨ ᠦᠰᠦᠭ ᠵᠢᠷᠤᠪᠠ

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠳᠤᠮᠳᠠᠳᠤ ᠤᠯᠤᠰ ᠤᠨ ᠨᠡᠷᠡᠲᠤ ᠮᠤᠳ᠋ᠸᠯᠴᠤᠳ ᠤᠨ ᠲᠡᠮᠡᠴᠡᠭᠡᠨ ᠠᠮᠵᠢᠯᠲᠠ ᠲᠠᠢ ᠦᠨᠳᠦᠷᠯᠡᠯ᠎ᠡ
  • ᠨᠢᠭᠡ ᠵᠢᠯ ᠳᠤ ᠬᠡᠷᠬᠢᠨ 100 ᠨᠤᠮ ᠤᠩᠰᠢᠬᠤ ᠪᠤᠢ?
  • ᠡᠦ ᠭᠤᠸᠠᠨ ᠵᠦᠩ ᠤᠨ ᠪᠦᠲᠦᠭᠡᠯ ᠪᠤᠥ ᠯᠢ ᠰᠢᠶᠠᠨᠭᠭᠠᠩ ᠤᠨ ᠳᠠᠭᠤᠳᠠᠯᠭ᠎ᠠ ᠬᠤᠳᠠᠯᠳᠤᠭᠠᠨ ᠳᠤ ᠤᠷᠤᠯᠴᠠᠬᠤ ᠪᠡᠷ ᠪᠤᠢ
  • 《2016 ᠤᠨ ᠤ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠤᠨ ᠵᠢᠷᠤᠬᠲᠤ ᠲᠠᠶᠢᠯᠪᠤᠷᠢ》ᠬᠡᠪᠯᠡᠭᠳᠡᠯ᠎ᠡ
关闭
010070230030000000000000011120701118364534