微信打开
蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠭᠠᠴᠠᠭ᠎ᠠ ᠳᠤᠰᠬᠤᠨ ᠤ ᠡᠮᠴᠢ ᠨᠠᠷ ᠨᠦᠬᠦᠪᠦᠷᠢ ᠬᠦᠷᠳᠡᠵᠤ ᠮᠡᠷᠬᠡᠵᠢᠯ ᠳᠡᠬᠡᠭ᠍ᠰᠢᠯᠡᠬᠦᠯᠬᠦ ᠪᠤᠯᠤᠮᠵᠢ ᠲᠠᠢ ᠪᠤᠯᠤᠯ᠎ᠠ

2016-04-12 09:20

    ᠦᠪᠦᠷ ᠮᠤᠩᠭ᠋ᠤᠯ ᠬᠦᠳᠡᠬᠡ ᠤᠷᠤᠨ ᠨᠤᠳᠤᠭ ᠤᠨ ᠡᠮᠴᠢ ᠶᠢᠨ ᠡᠩᠨᠡᠬᠡ ᠶᠢ ᠪᠦᠷᠢᠯᠳᠦᠬᠦᠯᠵᠤ᠂ ᠶᠠᠳᠠᠭᠤ ᠬᠦᠴᠢᠷᠳᠡᠯᠳᠡᠢ ᠭᠠᠴᠠᠭ᠎ᠠ ᠳᠤᠰᠬᠤᠨ ᠤ ᠡᠮᠴᠢ ᠶᠢᠨ ᠨᠦᠬᠦᠴᠡᠯ ᠪᠤᠯᠤᠮᠵᠢ ᠶᠢ ᠰᠠᠶᠢᠵᠢᠷᠠᠭᠤᠯᠬᠤ ᠶᠢᠨ ᠳᠤᠯᠠᠳᠠ᠂ 1000 ᠡᠷᠦᠬᠡ ᠲᠠᠢ ᠳᠠᠷᠢᠶᠠᠯᠠᠬᠤ ᠳᠤᠰᠬᠤᠨ ᠪᠤᠶᠤ 600 ᠡᠷᠦᠬᠡ ᠲᠠᠢ ᠮᠠᠯᠵᠢᠬᠤ ᠭᠠᠴᠠᠭᠠᠨ ᠳᠤ ᠳᠤᠰᠪᠤᠷᠢ ᠨᠢᠬᠡ ᠡᠮᠴᠢ ᠳᠤᠬᠢᠷᠠᠭᠤᠯᠤᠨ ᠠᠵᠢᠯ ᠤᠨ ᠪᠦᠳᠦᠮᠵᠢ ᠶᠢ ᠨᠢ ᠰᠢᠯᠭᠠᠨ ᠦᠨᠡᠯᠡᠵᠤ᠂ ᠵᠢᠯ ᠳᠤ 8000 ᠶᠤᠧᠠᠨ ᠤ ᠨᠦᠬᠦᠪᠦᠷᠢ ᠬᠦᠷᠳᠡᠬᠡᠬᠦ ᠪᠡᠷ ᠪᠤᠯᠤᠯ᠎ᠠ᠃

    ᠮᠦᠨ ᠭᠠᠴᠠᠭ᠎ᠠ ᠳᠤᠰᠬᠤᠨ ᠳᠤ ᠳᠤᠰᠬᠠᠢ ᠵᠤᠷᠢᠭᠤᠯᠤᠯᠳᠠ ᠲᠠᠢ ᠭᠤᠷᠪᠠᠨ ᠵᠢᠯ ᠤᠨ ᠳᠦᠷᠢᠮᠳᠦ ᠳᠤᠮᠳᠠ ᠵᠡᠷᠬᠡ ᠶᠢᠨ ᠳᠤᠰᠬᠠᠢ ᠮᠡᠷᠬᠡᠵᠢᠯ ᠤᠨ ᠡᠮᠴᠢ ᠶᠢᠨ ᠪᠤᠯᠪᠠᠰᠤᠷᠠᠯ ᠢ ᠳᠦᠯᠦᠪᠦᠷᠢ ᠦᠬᠡᠢ ᠪᠡᠷ ᠵᠤᠬᠢᠶᠠᠨ ᠪᠠᠶᠢᠭᠤᠯᠵᠤ᠂ ᠳᠡᠬᠦᠰᠦᠭᠰᠡᠳ ᠢ ᠶᠠᠳᠠᠭᠤ ᠬᠦᠴᠢᠷᠳᠡᠯᠳᠡᠢ ᠭᠠᠴᠠᠭ᠎ᠠ ᠳᠤᠰᠬᠤᠨ ᠤ ᠡᠷᠡᠬᠦᠯ ᠬᠠᠮᠠᠭᠠᠯᠠᠯ ᠤᠨ ᠳᠠᠰᠤᠭ ᠲᠤ ᠠᠵᠢᠯᠯᠠᠭᠤᠯᠤᠨ᠎ᠠ᠃ ᠭᠠᠴᠠᠭ᠎ᠠ ᠳᠤᠰᠬᠤᠨ ᠤ ᠡᠮᠴᠢ ᠨᠠᠷ ᠢ ᠬᠤᠶᠠᠷ ᠳᠤᠯᠤᠭ᠎ᠠ ᠬᠤᠨᠤᠭ ᠡᠴᠡ ᠳᠡᠬᠡᠭ᠍ᠰᠢ ᠬᠤᠭᠤᠴᠠᠭ᠎ᠠ ᠲᠠᠢ ᠪᠡᠷ ᠵᠢᠯ ᠳᠤ ᠠᠳᠠᠭ ᠲᠠᠭᠠᠨ ᠬᠤᠶᠠᠷ ᠤᠳᠠᠭ᠎ᠠ ᠳᠦᠯᠦᠪᠦᠷᠢ ᠦᠬᠡᠢ ᠪᠡᠷ ᠮᠡᠷᠬᠡᠵᠢᠯ ᠳᠡᠬᠡᠭ᠍ᠰᠢᠯᠡᠬᠦᠯᠵᠤ᠂ 3-5 ᠵᠢᠯ ᠳᠤᠳᠤᠮ ᠨᠢᠬᠡ ᠤᠳᠠᠭ᠎ᠠ ᠬᠤᠰᠢᠭᠤ ᠰᠢᠶᠠᠨ ᠤ ᠡᠮ ᠡᠮᠨᠡᠯᠬᠡ ᠡᠷᠡᠬᠦᠯ ᠮᠡᠨᠳᠦ ᠶᠢᠨ ᠪᠠᠶᠢᠭᠤᠯᠤᠮᠵᠢ ᠪᠤᠶᠤ ᠨᠦᠬᠦᠴᠡᠯ ᠰᠠᠶᠢᠳᠠᠢ ᠡᠷᠡᠬᠦᠯ ᠮᠡᠨᠳᠦ ᠶᠢᠨ ᠳᠦᠪ ᠲᠤ ᠬᠦᠷᠬᠡᠵᠤ ᠮᠡᠷᠬᠡᠵᠢᠯ ᠳᠡᠬᠡᠭ᠍ᠰᠢᠯᠡᠬᠦᠯᠦᠨ᠎ᠡ᠃

    ᠡᠬᠦᠨ ᠤ ᠵᠡᠷᠬᠡᠴᠡᠬᠡ᠂ ᠶᠠᠳᠠᠭᠤ ᠬᠦᠴᠢᠷᠳᠡᠯᠳᠡᠢ ᠰᠢᠶᠠᠩ ᠪᠠᠯᠭᠠᠰᠤᠨ ᠤ ᠡᠷᠡᠬᠦᠯ ᠮᠡᠨᠳᠦ ᠶᠢᠨ ᠭᠠᠵᠠᠷ ᠪᠦᠷᠢᠨ ᠡᠮᠴᠢᠯᠡᠬᠡᠨ ᠤ ᠡᠮᠴᠢ ᠳᠤᠬᠢᠷᠠᠭᠤᠯᠵᠤ᠂ 2020 ᠤᠨ ᠪᠤᠯᠳᠠᠯ᠎ᠠ ᠭᠠᠵᠠᠷ ᠪᠤᠯᠭᠠᠨ ᠳᠤ ᠳᠤᠮᠳᠠᠴᠢ ᠪᠡᠷ 5 ᠪᠦᠷᠢᠨ ᠡᠮᠴᠢᠯᠡᠬᠡᠨ ᠤ ᠡᠮᠴᠢ ᠲᠠᠢ ᠪᠠᠶᠢᠬᠤ ᠵᠤᠷᠢᠯᠳᠠ ᠳᠤ ᠬᠦᠷᠬᠦ ᠪᠡᠷ ᠳᠦᠯᠦᠪᠯᠡᠵᠤ ᠪᠤᠢ᠃

ᠵᠢᠷᠤᠭ ᠢ ᠢᠨᠲ᠋ᠧᠷᠨᠧᠲ ᠡᠴᠡ

ᠢᠷᠡᠯᠳᠡ᠄ ᠦᠪᠦᠷ ᠮᠤᠩᠭ᠋ᠤᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 12 ᠳ᠋ᠤᠭᠠᠷ ᠡᠭᠡᠯᠵᠢ ᠶᠢᠨ ᠪᠷᠠᠽᠢᠯ ᠤᠨ SP ᠤᠷᠠᠯᠢᠭ ᠤᠨ ᠦᠵᠡᠭᠦᠯᠦᠯᠭᠡ ᠰᠠᠩᠸᠤᠩ ᠫᠠᠦ᠋ᠯᠦ᠋ ᠳᠤ ᠶᠠᠪᠤᠭᠳᠠᠯ᠎ᠠ
  • 100 ᠵᠢᠯ ᠤᠨ ᠡᠮᠦᠨᠡᠬᠢ ᠢᠯᠡ ᠵᠠᠬᠢᠳᠠᠯ ᠳᠡᠭᠡᠷᠡᠬᠢ ᠭᠤᠤ᠎ᠠ ᠪᠦᠰᠡᠭᠦᠢᠢᠴᠤᠳ
  • ᠬᠠᠷᠠᠭ᠎ᠠ ᠵᠢ ᠪᠠᠶᠰᠬᠠᠬᠰᠠᠨ ᠬᠤᠷᠢᠮ ᠤᠨ ᠱᠠ ᠬᠤᠪᠴᠠᠰᠤᠨ ᠤ ᠦᠵᠡᠭᠦᠯᠦᠯᠭᠡ
  • 《ᠨᠠᠷᠠᠨ ᠤ ᠦᠷᠡᠰ》 ᠨᠢ ᠤᠨᠴᠠᠭᠠᠢ ᠫᠷᠦᠭ᠍ᠷᠠᠮ ᠨᠡᠪᠲᠡᠷᠡᠭᠦᠯᠬᠦ ᠪᠡᠷ ᠪᠤᠢ
关闭
010070230030000000000000011120701118592813