微信打开
蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ ᠦᠨᠦ ᠬᠠᠪᠤᠷ ᠬᠤᠷ᠎ᠠ ᠪᠤᠷᠤᠭᠠᠨ ᠴᠦᠬᠡᠨ ᠤᠷᠤᠭᠰᠠᠨ ᠡᠴᠡ ᠪᠤᠯᠵᠤ ᠭᠠᠩ ᠤᠨ ᠪᠠᠢᠢᠲᠠᠯ ᠢᠯᠡᠷᠡᠪᠡ

2016-05-01 18:48

    ᠰᠢᠨᠬᠤᠸᠠ ᠮᠤᠩᠭ᠋ᠤᠯ ᠨᠧᠲ  ᠬᠦᠬᠡᠬᠤᠲᠠ ᠶᠢᠨ 5 ᠰᠠᠷ᠎ᠠ ᠶᠢᠨ1 ᠤ ᠡᠲᠦᠷ ᠤᠨ ᠴᠠᠬᠢᠯᠭᠠᠨ ᠮᠡᠳᠡᠭᠡ ( ᠬ·ᠦᠵᠡᠰᠭᠦᠯᠡᠩ)3 ᠰᠠᠷ᠎ᠠ ᠶᠢᠨ 1 ᠤ ᠡᠲᠦᠷ ᠡᠴᠡ4ᠰᠠᠷ᠎ᠠ ᠶᠢᠨ28 ᠤ ᠡᠲᠦᠷ ᠪᠤᠯᠲᠠᠯ᠎ᠠ ᠦᠪᠦᠷ ᠮᠤᠩᠭ᠋ᠤᠯ ᠤᠨ ᠶᠡᠬᠡᠩᠬᠢ ᠭᠠᠵᠠᠷ ᠶᠢᠡᠷ ᠬᠤᠷ᠎ᠠ ᠪᠤᠷᠤᠭᠠᠨ ᠴᠦᠬᠡᠨ ᠤᠷᠤᠭᠰᠠᠨ ᠡᠴᠡ ᠪᠤᠯᠵᠤ ᠭᠠᠩ ᠤᠨ ᠪᠠᠢᠲᠠᠯ ᠢᠯᠡᠷᠡᠪᠡ᠃ ᠬᠦᠴᠦᠲᠡᠢ᠎ ᠬᠦᠢᠲᠠᠨ ᠤᠷᠤᠰᠬᠠᠯ ᠤᠨ ᠨᠦᠯᠦᠭᠡ ᠪᠡᠷ᠂ ᠢᠷᠡᠬᠦ ᠭᠠᠷᠠᠭ ᠲᠤ ᠦᠪᠦᠷᠮᠤᠩᠭ᠋ᠤᠯᠤᠨ ᠲᠤᠮᠲᠠ ᠵᠡᠬᠦᠨ ᠬᠡᠰᠡᠭ ᠶᠢᠡᠷ ᠪᠤᠷᠤᠭᠠᠨ ᠤᠷᠤᠵᠤ᠂ ᠭᠠᠩ ᠤᠨ ᠪᠠᠢᠢᠲᠠᠯ  ᠨᠠᠮᠲᠠᠨ᠎ᠠ᠃ ᠲᠤᠮᠲᠠ ᠪᠠᠷᠠᠭᠤᠨ ᠬᠡᠰᠡᠭ ᠶᠢᠡᠷ ᠪᠤᠷᠤᠭᠠᠨ ᠤᠷᠤᠬᠤ ᠦᠭᠡᠢ ᠪᠤᠯᠬᠤᠷ ᠭᠠᠩ ᠤᠨ ᠪᠠᠢᠲᠠᠯ ᠦᠷᠭᠦᠯᠵᠢᠯᠡᠨ᠎ᠡ᠃

    ᠬᠠᠮᠤᠭ ᠤᠨ ᠰᠢᠨ᠎ᠡ ᠲᠤᠭᠠᠴᠠᠭᠠᠯᠠᠭᠰᠠᠨ ᠶᠢᠡᠷ᠂ ᠦᠨᠦ ᠬᠠᠪᠤᠷ ᠦᠪᠦᠷ ᠮᠤᠩᠭ᠋ᠤᠯ ᠤᠨ ᠲᠤᠨᠤᠲᠠᠰᠤᠨ ᠤ ᠬᠡᠮᠵᠢᠶ᠎ᠠ ᠡᠩ ᠤᠨ ᠵᠢᠯ ᠤᠨ ᠬᠢ ᠡᠴᠡ25﹪~100ᠪᠡᠷ ᠪᠠᠭᠠᠰᠤᠭᠰᠠᠨ ᠪᠠᠢᠢᠨ᠎ᠠ᠃

    ᠪᠤᠷᠤᠭᠠᠠ ᠬᠤᠷ᠎ᠠ ᠴᠦᠬᠡᠨ ᠤᠷᠤᠭᠰᠠᠨ ᠡᠴᠡ ᠪᠤᠯᠵᠤ᠂ ᠦᠪᠦᠷ ᠮᠤᠩᠭ᠋ᠤᠯ ᠤᠨ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠵᠤᠬᠢᠬᠤ ᠬᠡᠮᠵᠢᠶ᠎ᠠ ᠪᠡᠷ ᠨᠦᠯᠦᠭᠡᠯᠡᠪᠡ᠃ ᠤᠲᠤᠬᠠᠨ ᠳ᠋ᠤ᠂ ᠬᠢᠩᠭ᠋ᠠᠨ᠂ ᠲᠦᠩᠯᠢᠶᠤᠤ ᠶᠢᠨ ᠬᠤᠢᠲᠤ ᠬᠡᠰᠡᠭ᠂ ᠤᠯᠠᠭᠠᠬᠠᠨᠲᠠ ᠶᠢᠨ ᠶᠡᠬᠡᠩᠬᠢ ᠬᠡᠰᠡᠭ᠂ ᠰᠢᠯᠢ ᠶᠢᠨ ᠭᠤᠤᠯ ᠤᠨ ᠡᠮᠦᠨᠡᠲᠦ ᠬᠡᠰᠡᠭ᠂ ᠤᠯᠠᠭᠠᠨᠴᠠᠪ ᠤᠨ ᠶᠡᠬᠡᠩᠬᠢ ᠬᠡᠰᠡᠭ᠂ ᠪᠤᠭᠤᠲᠤ ᠶᠢᠨ ᠶᠡᠬᠡᠩᠬᠢ ᠬᠡᠰᠡᠭ᠂ ᠬᠦᠬᠡᠬᠤᠲᠠ᠂ ᠤᠷᠲᠤᠰ ᠤᠨ ᠵᠡᠬᠦᠨ ᠬᠡᠰᠡᠭ᠂ ᠪᠠᠶᠠᠠᠨᠠᠭᠤᠷ ᠤᠨ ᠵᠡᠬᠦᠨ ᠬᠡᠰᠡᠭ ᠶᠢᠡᠷ ᠬᠦᠩᠬᠡᠨ ᠬᠡᠮᠵᠢᠶ᠎ᠠ ᠡᠴᠡ ᠲᠡᠭᠡᠭ᠍ᠰᠢ ᠭᠠᠩᠲᠠᠵᠤ᠂ ᠡᠭᠦᠨ ᠳ᠋ᠤ ᠤᠯᠠᠭᠠᠨᠬᠠᠲᠠ ᠶᠢᠨ ᠲᠤᠮᠲᠠ ᠵᠡᠬᠦᠨ ᠬᠡᠰᠡᠭ᠂ ᠪᠤᠭᠤᠲᠤ ᠶᠢᠨ ᠡᠮᠦᠨ᠎᠎ᠡ ᠬᠡᠰᠡᠭ ᠶᠢᠡᠷ ᠲᠤᠮᠲᠠ ᠬᠡᠮᠵᠢᠶᠠᠨ ᠤ ᠭᠠᠩ ᠤᠨ ᠪᠠᠢᠢᠲᠠᠯ ᠢᠯᠡᠷᠡᠪᠡ᠃

    ᠦᠪᠦᠷᠮᠤᠩᠭ᠋ᠤᠯ ᠤᠨ ᠴᠠᠭ ᠠᠭᠤᠷ ᠤᠨ ᠬᠤᠷᠢᠶᠠᠨ ᠤ ᠤᠷᠢᠳᠴᠢᠯᠠᠨ ᠲᠤᠭᠠᠴᠠᠭᠠᠯᠠᠭᠰᠠᠨ ᠶᠢᠡᠷ᠂ ᠢᠷᠡᠬᠦ ᠭᠠᠷᠠᠭ ᠲᠤ᠂ ᠦᠪᠦᠷᠮᠤᠩᠭ᠋ᠤᠯ ᠤᠨ ᠵᠡᠬᠦᠨ ᠬᠤᠢᠲᠤ ᠬᠡᠰᠡᠭ ᠶᠢᠡᠷ ᠪᠤᠷᠤᠭᠠᠨ ᠴᠠᠰᠤ ᠬᠤᠯᠢᠵᠤ ᠤᠷᠤᠨ᠎ᠠ᠂ ᠲᠤᠮᠲᠠ ᠵᠡᠬᠦᠨ ᠬᠡᠰᠡᠭ ᠤᠨ ᠡᠮᠦᠨᠡᠭᠦᠷᠬᠢ ᠪᠦᠰᠡ ᠪᠡᠷ ᠪᠠᠭ᠎ᠠ ᠪᠤᠷᠤᠭᠠᠨ ᠪᠤᠶᠤ ᠪᠤᠷᠤᠭᠠᠨ ᠴᠠᠰᠤ ᠬᠤᠯᠢᠵᠤ ᠤᠷᠤᠨ᠎ᠠ᠃ ᠲᠤᠮᠲᠠ ᠵᠡᠬᠦᠨ ᠬᠡᠰᠡᠭ ᠤᠨ ᠡᠮᠦᠨᠡᠭᠦᠷᠬᠢ ᠪᠦᠰᠡ ᠶᠢᠨ ᠭᠠᠩ ᠤᠨ ᠪᠠᠢᠢᠲᠠᠯ ᠨᠠᠮᠲᠠᠬᠤ ᠪᠤᠯᠤᠨ᠎ᠠ᠂ ᠲᠤᠮᠲᠠ ᠪᠠᠷᠠᠭᠤᠨ ᠬᠡᠰᠡᠭ ᠤᠨ ᠭᠠᠩ ᠤᠨ ᠪᠠᠢᠲᠠᠯ ᠦᠷᠭᠦᠯᠵᠢᠯᠡᠨ᠎ᠡ᠃ ᠲᠤᠮᠲᠠ ᠵᠡᠬᠦᠨ ᠬᠡᠰᠡᠭ ᠤᠨ ᠬᠢᠨ ᠪᠤᠷᠤᠭᠠᠨ ᠬᠤᠷ᠎ᠠ ᠲᠠᠢ ᠴᠠᠭ ᠠᠭᠠᠷ ᠢ ᠵᠠᠪᠲᠤᠵᠤ ᠬᠠᠪᠤᠷ ᠤᠨ ᠲᠠᠷᠢᠶᠠᠯᠠᠭ᠎ᠠ ᠪᠠᠨ ᠡᠬᠢᠯᠡᠬᠦᠯᠵᠦ᠂ ᠲᠤᠮᠲᠠ ᠪᠠᠷᠠᠭᠤᠨ ᠬᠡᠰᠡᠭ ᠤᠨ ᠬᠢᠨ ᠲᠤᠬᠠᠢ ᠶᠢᠨ ᠭᠠᠵᠠᠷ ᠤᠨ ᠶᠢᠡᠨ ᠬᠦᠷᠦᠰᠦᠨ ᠤ ᠪᠠᠢᠲᠠᠯ ᠪᠠ ᠴᠠᠭ ᠠᠭᠠᠷ ᠤᠨ ᠬᠤᠪᠢᠷᠠᠯᠲᠠ ᠢ ᠦᠨᠳᠦᠰᠦᠯᠡᠵᠦ ᠲᠤᠰᠤᠯᠭᠠᠨ ᠤᠰᠤᠯᠠᠬᠤ ᠮᠡᠲᠦ ᠶᠢᠨ ᠠᠷᠭ᠎ᠠ ᠪᠡᠷ ᠬᠠᠪᠤᠷ ᠤᠨ ᠲᠠᠷᠢᠶᠠᠯᠠᠭ᠎ᠠ ᠶᠢᠨ ᠠᠵᠢᠯ ᠶᠢᠡᠨ ᠪᠠᠲᠤᠯᠠᠬᠤ ᠶᠢ ᠴᠠᠭ ᠠᠭᠤᠷ ᠤᠨ ᠰᠠᠯᠠᠭ᠎ᠠ ᠮᠦᠴᠢᠷ ᠤᠨ ᠬᠢᠨ ᠰᠠᠨᠠᠭᠤᠯᠵᠤ ᠪᠠᠢᠢᠨ᠎ᠠ᠃

    

(ᠵᠢᠷᠤᠭ ᠢ ᠦᠪᠦᠷ ᠮᠤᠩᠭ᠋ᠤᠯ ᠤᠨ ᠴᠠᠭ ᠠᠭᠤᠷ ᠤᠨ ᠬᠤᠷᠢᠶ᠎ᠠ ᠡᠴᠡ ᠰᠢᠯᠵᠢᠬᠦᠯᠪᠡ᠎) ᠎

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 400 ᠲᠦᠮᠡᠨ ᠰᠦᠯᠢᠶᠤᠤ ᠯᠤᠨᠭᠬᠤ ᠪᠡᠷ 《ᠤᠳᠤᠳ ᠲᠦᠭᠡᠭ᠍ᠰᠡᠨ ᠰᠦᠨᠢ》ᠵᠢᠷᠤᠬ ᠢ ᠳᠠᠬᠢᠨ ᠪᠦᠲᠦᠭᠡᠪᠡ
  • 《ᠬᠦᠬᠡ ᠲᠤᠯᠪᠤ》ᠪᠦᠵᠢᠭ᠍ᠲᠤ ᠵᠦᠴᠦᠭᠡ ᠬᠦᠬᠡᠬᠤᠲᠠ ᠶᠢᠨ ᠦᠵᠡᠭ᠍ᠴᠢᠳ ᠲᠠᠢ ᠵᠤᠯᠭᠠᠯ᠎ᠠ
  • 《 ᠨᠤᠮ ᠤᠨ ᠬᠡᠰᠢᠭ᠍ᠳᠤ ᠦᠪᠦᠷ ᠮᠤᠩᠭ᠋ᠤᠯ• ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ - ᠮᠢᠨᠦ ᠮᠤᠩᠭ᠋ᠤᠯ ᠨᠤᠮ》 ᠠᠵᠢᠯᠯᠠᠭ᠎ᠠ ᠨᠡᠬᠡᠬᠡᠯᠳᠡ ᠪᠠᠨ ᠬᠢᠯ᠎ᠡ
  • ᠮᠤᠩᠭ᠋ᠤᠯ ᠰᠤᠶᠤᠯ  ᠢᠶᠡᠨ ᠳᠡᠯᠡᠬᠡᠢ ᠳ᠋ᠤ ᠲᠠᠨᠢᠭᠤᠯᠬᠤ ᠠᠤᠭ᠎ᠠ ᠵᠤᠷᠢᠯᠲᠠ ᠶᠢ ᠡᠷᠢᠯᠬᠢᠯᠡᠭᠴᠢ
关闭
010070230030000000000000011120791118781879