微信打开
蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ 150 ᠲᠦᠮᠡᠨ ᠲᠦᠭᠦᠷᠢᠭ᠌ ᠪᠠᠭᠤᠯᠭᠠᠵᠦ ᠶᠠᠳᠠᠭᠤ ᠬᠦᠴᠢᠷᠲᠡᠢ ᠭᠡᠷ ᠪᠦᠯᠢ ᠶᠢᠨ ᠬᠦᠨᠳᠤ ᠡᠪᠡᠳᠴᠢᠨ ᠲᠠᠢ ᠬᠡᠦᠬᠡᠳ ᠢ ᠲᠤᠰᠠᠯᠠᠬᠤ ᠪᠡᠷ ᠪᠤᠢ

2016-06-14 12:05

    ᠡᠮᠦᠨᠡᠬᠡᠨ ᠰᠤᠷᠪᠤᠯᠵᠢᠯᠠᠬᠴᠢ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠪᠤᠶᠠᠨ ᠤ ᠦᠢᠯᠡᠰ ᠤᠨ ᠶᠡᠷᠦᠩᠬᠡᠢ ᠨᠡᠶᠢᠭᠡᠮᠯᠢᠭ᠌ ᠡᠴᠡ ᠤᠶᠢᠯᠠᠭᠠᠬᠰᠠᠨ ᠢᠶᠡᠷ᠂ ᠦᠪᠦᠷ ᠮᠤᠨᠭᠭᠤᠯ 2016 ᠤᠨ ᠤ《ᠪᠦᠬᠦ ᠤᠷᠤᠨ ᠤ ᠶᠠᠳᠠᠭᠤ ᠬᠦᠴᠢᠷᠲᠡᠢ ᠭᠡᠷ ᠪᠦᠯᠢ ᠶᠢᠨ ᠬᠦᠨᠳᠤ ᠡᠪᠡᠳᠴᠢᠨ ᠲᠠᠢ ᠬᠡᠦᠬᠡᠳ ᠢ ᠨᠢᠭᠦᠯᠡᠰᠦᠩᠭᠦᠢ ᠪᠡᠷ ᠲᠤᠰᠠᠯᠠᠬᠤ》 ᠲᠦᠰᠦᠯ ᠤᠨ 150 ᠲᠦᠮᠡᠨ ᠲᠦᠭᠦᠷᠢᠭ᠌ ᠤᠨ ᠲᠤᠰᠠᠯᠠᠮᠵᠢ ᠶᠢᠨ ᠮᠦᠩᠭᠦ ᠵᠢ ᠨᠢᠭᠡᠨᠲᠡ ᠪᠠᠭᠤᠯᠭᠠᠬᠰᠠᠨ ᠪᠠᠶᠢᠨ᠎ᠠ᠃

    ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠪᠤᠶᠠᠨ ᠤ ᠦᠢᠯᠡᠰ ᠤᠨ ᠶᠡᠷᠦᠩᠬᠡᠢ ᠨᠠᠶᠢᠭᠡᠮᠯᠢᠭ᠌ ᠡᠴᠡ ᠦᠷᠨᠢᠭᠦᠯᠦᠭ᠍ᠰᠡᠨ ᠡᠨᠡᠬᠦ ᠲᠦᠰᠦᠯ ᠨᠢ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠡᠷᠦᠬᠡ ᠠᠮᠠ ᠲᠠᠢ ᠬᠤᠲᠠ ᠬᠦᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠲᠡᠵᠦ ᠪᠠᠶᠢᠭ᠎ᠠ ᠭᠡᠷ ᠪᠦᠯᠢ ᠶᠢᠨ 0—18 ᠪᠦᠬᠦᠯᠢ ᠨᠠᠰᠤᠨ ᠤ ᠲᠦᠷᠦᠯᠬᠢ ᠵᠢᠷᠦᠬᠡᠨ ᠡᠪᠡᠳᠴᠢᠨ᠂ ᠴᠢᠰᠤ ᠴᠠᠶᠢᠬᠤ ᠡᠪᠡᠳᠴᠢᠨ ᠪᠠ ᠬᠤᠤᠷᠠᠲᠤ ᠬᠠᠪᠤᠳᠠᠷ ᠲᠤ ᠨᠡᠷᠪᠡᠭ᠍ᠳᠡᠭ᠍ᠰᠡᠨ ᠬᠡᠦᠬᠡᠳ ᠢ ᠠᠪᠤᠷᠠᠨ ᠲᠤᠰᠠᠯᠠᠨ᠎ᠠ᠃ ᠲᠤᠰ ᠲᠦᠰᠦᠯ ᠨᠢ ᠡᠪᠡᠳᠴᠢᠲᠡᠨ ᠤ ᠡᠮᠴᠢᠯᠡᠭᠡᠨ ᠤ ᠪᠠᠶᠢᠳᠠᠯ ᠢ ᠦᠨᠳᠦᠰᠦᠯᠡᠵᠦ ᠲᠤᠰᠠᠯᠠᠮᠵᠢ ᠬᠦᠷᠲᠡᠭᠡᠬᠦ ᠪᠤᠯᠤᠨ᠎ᠠ᠄ ᠡᠮᠴᠢᠯᠡᠭᠦᠯᠦᠭᠰᠡᠨ ᠲᠦᠯᠦᠪᠦᠷᠢ 5 ᠲᠦᠮᠡᠨ ᠲᠦᠭᠦᠷᠢᠭ᠌ ᠡᠴᠡ ᠪᠠᠭ᠎ᠠ ᠪᠤᠯ ᠡᠪᠡᠳᠴᠢᠲᠡᠨ ᠳᠤ ᠲᠦᠮᠡᠨ ᠲᠦᠭᠦᠷᠢᠭ᠌ ᠤᠨ ᠲᠤᠰᠠᠯᠠᠮᠵᠢ᠂ ᠡᠮᠴᠢᠯᠡᠭᠦᠯᠦᠭᠰᠡᠨ ᠲᠦᠯᠦᠪᠦᠷᠢ 5-10 ᠲᠦᠮᠡ ᠶᠢᠨ ᠬᠤᠭᠤᠷᠤᠨᠳᠤ ᠪᠤᠯ ᠡᠪᠡᠳᠴᠢᠲᠡᠨ ᠳᠤ 2 ᠲᠦᠮᠡᠨ ᠲᠦᠭᠦᠷᠢᠭ᠌ ᠤᠨ ᠲᠤᠰᠠᠯᠠᠮᠵᠢ᠂ ᠡᠮᠴᠢᠯᠡᠭᠦᠯᠦᠭᠰᠡᠨ ᠲᠦᠯᠦᠪᠦᠷᠢ 10 -15 ᠲᠦᠮᠡ ᠶᠢᠨ ᠬᠤᠭᠤᠷᠤᠨᠳᠤ ᠪᠤᠯ ᠡᠪᠡᠳᠴᠢᠲᠡᠨ ᠳᠤ 3 ᠲᠦᠮᠡᠨ ᠲᠦᠭᠦᠷᠢᠭ᠌ ᠤᠨ ᠲᠤᠰᠠᠯᠠᠮᠵᠢ᠂ ᠡᠮᠴᠢᠯᠡᠭᠦᠯᠦᠭᠰᠡᠨ ᠲᠦᠯᠦᠪᠦᠷᠢ 15-20 ᠲᠦᠮᠡ ᠶᠢᠨ ᠬᠤᠭᠤᠷᠤᠨᠳᠤ ᠪᠤᠯ ᠡᠪᠡᠳᠴᠢᠲᠡᠨ ᠳᠤ 4 ᠲᠦᠮᠡᠨ ᠲᠦᠭᠦᠷᠢᠭ᠌ ᠤᠨ ᠲᠤᠰᠠᠯᠠᠮᠵᠢ᠂ ᠡᠮᠴᠢᠯᠡᠭᠦᠯᠦᠭᠰᠡᠨ ᠲᠦᠯᠦᠪᠦᠷᠢ 20-25 ᠲᠦᠮᠡ ᠶᠢᠨ ᠬᠤᠭᠤᠷᠤᠨᠳᠤ ᠪᠤᠯ ᠡᠪᠡᠳᠴᠢᠲᠡᠨ ᠳᠤ 5 ᠲᠦᠮᠡᠨ ᠲᠦᠭᠦᠷᠢᠭ᠌ ᠤᠨ ᠲᠤᠰᠠᠯᠠᠮᠵᠢ᠂ ᠡᠮᠴᠢᠯᠡᠭᠦᠯᠦᠭᠰᠡᠨ ᠲᠦᠯᠦᠪᠦᠷᠢ 25 ᠲᠦᠮᠡᠨ ᠲᠦᠭᠦᠷᠢᠭ᠌ ᠡᠴᠡ ᠳᠡᠭᠡᠭ᠍ᠰᠢ ᠪᠠᠶᠢᠪᠠᠯ ᠡᠪᠡᠳᠴᠢᠲᠡᠨ ᠳᠤ 6 ᠲᠦᠮᠡᠨ ᠲᠦᠭᠦᠷᠢᠭ᠌ ᠤᠨ ᠲᠤᠰᠠᠯᠠᠮᠵᠢ ᠬᠦᠷᠲᠡᠭᠡᠨ᠎ᠡ᠃

    《ᠪᠦᠬᠦ ᠤᠷᠤᠨ ᠤ ᠶᠠᠳᠠᠭᠤ ᠬᠦᠴᠢᠷᠷᠲᠡᠢ ᠭᠡᠷ ᠪᠦᠯᠢ ᠶᠢᠨ ᠬᠦᠨᠳᠤ ᠡᠪᠡᠳᠴᠢᠨ ᠲᠠᠢ ᠬᠡᠦᠬᠡᠳ ᠢ ᠨᠢᠭᠦᠯᠡᠰᠦᠩᠭᠦᠢ ᠪᠡᠷ ᠲᠤᠰᠠᠯᠠᠬᠤ》 ᠲᠦᠰᠦᠯ ᠢ ᠭᠤᠶᠤᠴᠢᠯᠠᠬᠰᠠᠨ ᠭᠡᠷ ᠪᠦᠯᠢ ᠨᠢ ᠭᠡᠷ ᠪᠦᠯᠢ ᠶᠢᠨ ᠪᠦᠷᠢᠯᠳᠦᠭᠦᠨ ᠪᠤᠯᠤᠨ ᠬᠤᠪᠢ ᠬᠦᠮᠦᠨ ᠤ ᠪᠡᠶ᠎ᠡ ᠶᠢᠨ ᠦᠨᠡᠮᠯᠡᠯ᠂ ᠬᠤᠲᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠶᠢᠨ ᠭᠡᠷᠡᠴᠢ᠂ ᠡᠮᠴᠢᠯᠡᠭᠡᠨ ᠤ ᠤᠨᠤᠰᠢᠯᠠᠬᠰᠠᠨ ᠭᠡᠷᠡᠴᠢ᠂ ᠤᠨᠤᠰᠢᠯᠠᠨ ᠡᠮᠨᠡᠭ᠍ᠰᠡᠨ ᠪᠠᠷᠢᠮᠳᠠ ᠶᠢᠨ ᠬᠠᠭᠤᠯᠪᠤᠷᠢ᠂ ᠵᠢᠷᠤᠬ ᠵᠡᠷᠭᠡ ᠮᠠᠲ᠋ᠸᠷᠢᠶᠠᠯ ᠢᠶᠡᠨ ᠠᠪᠴᠤ ᠦᠪᠡᠷᠲᠡᠭᠡᠨ ᠵᠠᠰᠠᠬᠤ ᠤᠷᠤᠨ ᠤ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠪᠤᠶᠠᠨ ᠤ ᠦᠢᠯᠡᠰ ᠤᠨ ᠶᠡᠷᠦᠩᠬᠡᠢ ᠨᠡᠶᠢᠭᠡᠮᠯᠢᠭ᠌ ᠡᠴᠡ ᠲᠤᠰᠠᠯᠠᠮᠵᠢ ᠭᠤᠶᠤᠴᠢᠯᠠᠨ᠎ᠠ᠃

ᠢᠷᠡᠯᠳᠡ᠄ ᠦᠪᠦᠷ ᠮᠤᠨᠭᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠬᠤᠱᠤᠩ ᠤᠷᠠᠯᠢᠬ ᠤᠨ ᠠᠨᠭᠬᠠᠨ ᠤ ᠨᠠᠭᠠᠳᠤᠮ ᠪᠤᠯᠤᠯ᠎ᠠ
  • ᠦᠪᠦᠷ ᠮᠤᠨᠭᠭᠤᠯ ᠤᠨ ᠶᠡᠬᠡ ᠰᠤᠷᠭᠠᠭᠤᠯᠢ ᠶᠢᠨ ᠮᠤᠨᠭᠭᠤᠯ ᠤᠯᠤᠰ ᠢ ᠰᠤᠳᠤᠯᠬᠤ ᠬᠦᠷᠢᠶᠡᠯᠡᠩ ᠪᠠᠶᠢᠭᠤᠯᠤᠬᠳᠠᠪᠠ
  • ᠨᠢᠰᠬᠦ ᠤᠨᠭᠭᠤᠴᠠᠨ ᠤ ᠪᠠᠭᠤᠳᠠᠯ ᠳᠡᠬᠢ ᠤᠯᠠᠮᠵᠢᠯᠠᠯᠲᠤ ᠬᠤᠪᠴᠠᠰᠤ ᠵᠠᠰᠠᠯ ᠤᠨ ᠦᠵᠡᠭᠦᠯᠦᠯᠭᠡ
  • 2016 ᠤᠨ ᠤ ᠳᠤᠮᠳᠠᠳᠤ ᠤᠷᠤᠰ ᠤᠨ ᠺᠢᠨᠤ᠋ ᠶᠢᠨ ᠨᠠᠶᠢᠷ ᠨᠡᠭᠡᠭᠡᠯᠲᠡ ᠪᠠᠨ ᠬᠢᠪᠡ
关闭
010070230030000000000000011100001119040159