微信打开
蒙古文网站Logo
ᠰᠢᠨᠬᠤᠸᠠ ᠮᠤᠩᠭ᠋ᠤᠯ ᠨᠧᠲ

ᠵᠢᠭᠤᠯᠴᠢᠯᠠᠯ ᠤᠨ ᠬᠦᠷᠦᠩᠭᠡ ᠤᠷᠤᠭᠤᠯᠤᠯᠲᠠ ᠦᠩᠭᠡᠷᠡᠭᠰᠡᠨ ᠡᠴᠡ ᠭᠤᠷᠪᠠᠨ ᠬᠤᠪᠢ ᠪᠡᠷ ᠨᠡᠮᠨᠭᠳᠡᠪᠡ

2016-07-13 11:09

    ᠤᠯᠤᠰ ᠤᠨ ᠠᠶᠠᠯᠠᠯ ᠵᠢᠭᠤᠯᠴᠢᠯᠠᠯ ᠤᠨ ᠲᠤᠪᠴᠢᠶ᠎ᠠ ᠶᠢᠨ ᠪᠦᠷᠢᠳᠬᠡᠯ ᠡᠴᠡ ᠲᠤᠳᠤᠷᠠᠭᠤᠯᠪᠠᠯ᠂ ᠡᠨᠡ ᠤᠨ ᠤ 1 ᠰᠠᠷ᠎ᠠ  ᠡᠴᠡ 6 ᠰᠠᠷ᠎ᠠ ᠪᠤᠯᠲᠠᠯ᠎ᠠ ᠪᠠᠶᠢᠭᠤᠯᠵᠦ ᠪᠠᠶᠢᠭ᠎ᠠ ᠠᠶᠠᠯᠠᠯ ᠵᠢᠭᠤᠯᠴᠢᠯᠠᠯ ᠤᠨ ᠲᠦᠰᠦᠯ 9944᠂ ᠪᠤᠳᠠᠳᠠᠢ ᠬᠦᠷᠦᠩᠭᠡ ᠤᠷᠤᠭᠤᠯᠤᠯᠲᠠ 4211.5 ᠳ᠋ᠦ᠋ᠩᠰᠢᠭᠤᠷ ᠲᠦᠭᠦᠷᠢᠭ᠌ ᠲᠤ ᠬᠦᠷᠴᠦ᠂ ᠦᠩᠭᠡᠷᠡᠭᠰᠡᠨ ᠤᠨ ᠤ ᠮᠦᠨ ᠦᠶ᠎ᠠ ᠡᠴᠡ 30.5% ᠪᠡᠷ ᠨᠡᠮᠡᠭᠳᠡᠵᠡᠢ᠃ ᠶᠡᠷᠦᠩᠬᠡᠢ ᠳᠤᠨᠢ ᠠᠪᠴᠤ ᠦᠵᠡᠪᠡᠯ᠂ ᠵᠢᠭᠤᠯᠴᠢᠯᠠᠯ ᠤᠨ ᠪᠦᠲᠦᠭᠡᠭ᠍ᠳᠡᠭᠦᠨ ᠤ ᠦᠭᠡᠷᠡᠴᠢᠯᠡᠯᠲᠡ ᠵᠢ ᠳᠡᠰ ᠳᠠᠪᠰᠢᠭᠦᠯᠬᠦ ᠬᠠᠨᠳᠤᠯᠭ᠎ᠠ ᠢᠯᠡᠷᠬᠡᠢ᠂ ᠠᠮᠠᠷᠠᠯᠲᠠ   ᠶᠢᠨ ᠵᠢᠭᠤᠯᠴᠢᠯᠠᠯ᠂ ᠬᠦᠳᠡᠭᠡ ᠲᠤᠰᠬᠤᠨ ᠤ ᠵᠢᠭᠤᠯᠴᠢᠯᠠᠯ᠂ ᠰᠤᠶᠤᠯ ᠤᠨ ᠵᠢᠭᠤᠯᠴᠢᠯᠠᠯ ᠵᠡᠷᠭᠡ ᠶᠢᠨ ᠬᠦᠷᠦᠩᠭᠡ ᠤᠷᠤᠭᠤᠯᠤᠯᠲᠠ ᠨᠢ ᠬᠠᠯᠠᠮᠰᠢᠯ ᠴᠡᠭ ᠪᠤᠯᠵᠠᠢ᠃

    ᠤᠯᠤᠰ ᠤᠨ ᠵᠢᠭᠤᠯᠴᠢᠯᠠᠯ ᠤᠨ ᠲᠤᠪᠴᠢᠶ᠎ᠠ ᠶᠢᠨ ᠬᠠᠷᠢᠭᠤᠴᠠᠯᠭᠠᠲᠠᠨ ᠤ ᠶᠠᠷᠢᠬᠰᠠᠨ ᠢᠶᠡᠷ᠂ ᠤᠳᠤᠬᠠᠨ ᠳᠤ ᠮᠠᠨ ᠤ ᠤᠯᠤᠰ ᠤᠨ ᠠᠶᠠᠯᠠᠯ ᠵᠢᠭᠤᠯᠴᠢᠯᠠᠯ ᠤᠨ ᠬᠦᠷᠦᠩᠭᠡ ᠤᠷᠤᠭᠤᠯᠤᠯᠲᠠ ᠰᠢᠨ᠎ᠡ ᠤᠨᠴᠠᠯᠢᠬ ᠲᠠᠢ ᠪᠤᠯᠵᠠᠢ᠄ ᠨᠢᠭᠡ   ᠳᠤ᠂ ᠵᠢᠭᠤᠯᠴᠢᠯᠠᠯ ᠤᠨ ᠲᠤᠮᠤ ᠲᠦᠰᠦᠯ ᠤᠨ ᠬᠦᠷᠦᠩᠭᠡ ᠤᠷᠤᠭᠤᠯᠤᠯᠲᠠ ᠨᠡᠮᠡᠭᠳᠡᠵᠡᠢ᠃ 1 ᠡᠴᠡ 6 ᠰᠠᠷ᠎ᠠ ᠪᠤᠯᠲᠠᠯ᠎ᠠ 100 ᠳ᠋ᠦ᠋ᠩᠰᠢᠭᠤᠷ ᠲᠦᠭᠦᠷᠢᠭ᠌ ᠡᠴᠡ ᠳᠡᠭᠡᠭ᠍ᠰᠢᠬᠢ ᠬᠦᠷᠦᠩᠭᠡ ᠤᠷᠤᠭᠤᠯᠤᠯᠲᠠ ᠲᠠᠢ ᠲᠦᠰᠦᠯ 206᠂ ᠨᠡᠶᠢᠲᠡ ᠬᠦᠷᠦᠩᠭᠡ ᠤᠷᠤᠭᠤᠯᠤᠯᠲᠠ 794.6 ᠳ᠋ᠦ᠋ᠩᠰᠢᠭᠤᠷ ᠲᠦᠭᠦᠷᠢᠭ᠌᠂ ᠦᠩᠭᠡᠷᠡᠭᠰᠡᠨ ᠤᠨ ᠤ ᠮᠦᠨ ᠦᠶ᠎ᠡ ᠡᠴᠡ 34.4% ᠪᠡᠷ ᠨᠡᠮᠡᠭ᠍ᠳᠡᠵᠡᠢ᠃ ᠢᠷᠭᠡᠳ ᠤᠨ ᠬᠦᠷᠦᠩᠭᠡ ᠤᠷᠤᠭᠤᠯᠤᠯᠲᠠ ᠡᠷᠴᠢᠯᠡᠭ᠌ ᠃ ᠦᠩᠭᠡᠷᠡᠭᠰᠡᠨ ᠬᠠᠭᠠᠰ ᠵᠢᠯ ᠤᠨ ᠢᠷᠭᠡᠳ ᠡᠴᠡ ᠡᠵᠡᠩᠨᠡᠭ᠍ᠰᠡᠨ ᠠᠵᠦ ᠠᠬᠤᠶᠢᠯᠠᠯ ᠤᠨ ᠪᠤᠳᠠᠲᠠᠢ ᠪᠡᠶᠡᠯᠡᠭᠦᠯᠦᠭ᠍ᠰᠡᠨ ᠬᠦᠷᠦᠩᠭᠡ ᠤᠷᠤᠭᠤᠯᠤᠯᠲᠠ 2412.8 ᠳ᠋ᠦ᠋ᠩᠰᠢᠭᠤᠷ ᠲᠦᠭᠦᠷᠢᠭ᠌᠂ ᠦᠩᠭᠡᠷᠡᠭᠰᠡᠨ ᠤᠨ ᠤ ᠮᠦᠨ ᠦᠶ᠎ᠠ ᠡᠴᠡ 27.1% ᠪᠡᠷ ᠨᠡᠮᠡᠭᠳᠡᠵᠦ᠂ ᠦᠰᠴᠡ ᠨᠢ ᠦᠩᠭᠡᠷᠡᠭᠰᠡᠨ ᠤᠨ ᠤ ᠬᠢ ᠡᠴᠡ ᠳᠠᠬᠢᠨ ᠢᠶᠡᠷ ᠳᠡᠭᠡᠭ᠍ᠰᠢᠯᠡᠵᠡᠢ᠃ ᠬᠤᠶᠠᠷ ᠲᠤ᠂ ᠪᠠᠷᠠᠭᠤᠨ ᠤᠷᠤᠨ ᠤ ᠬᠦᠷᠦᠩᠭᠡ ᠤᠷᠤᠭᠤᠯᠤᠯᠲᠠ ᠲᠦᠷᠭᠡᠨ ᠨᠡᠮᠡᠭᠳᠡᠵᠦ᠂ ᠵᠡᠭᠦᠨ ᠤᠷᠤᠨ ᠤ ᠬᠦᠷᠦᠩᠭᠡ ᠤᠷᠤᠭᠤᠯᠤᠯᠲᠠ ᠲᠦᠪᠯᠡᠷᠡᠭᠰᠡᠨ ᠪᠠᠶᠢᠳᠠᠯ ᠲᠠᠢ᠃ ᠪᠠᠷᠠᠭᠤᠨ ᠤᠷᠤᠨ ᠤ ᠬᠦᠷᠦᠩᠭᠡ ᠤᠷᠤᠭᠤᠯᠤᠯᠲᠠ 1132.8 ᠳ᠋ᠦ᠋ᠩᠰᠢᠭᠤᠷ ᠲᠦᠭᠦᠷᠢᠭ᠌᠂ ᠦᠩᠭᠡᠷᠡᠭᠰᠡᠨ ᠤᠨ ᠤ ᠮᠦᠨ ᠦᠶ᠎ᠡ ᠡᠴᠡ 56% ᠪᠡᠷ ᠦᠰᠴᠦ᠂ ᠪᠦᠬᠦ ᠤᠯᠤᠰ ᠲᠤ ᠡᠵᠡᠯᠡᠬᠦ ᠨᠤᠷᠮ᠎ᠠ 26.9% ᠳᠤ ᠬᠦᠷᠴᠦ᠂ ᠳᠤᠮᠳᠠ ᠬᠡᠰᠡᠭ ᠤᠨ ᠡᠵᠡᠯᠡᠬᠦ ᠬᠠᠷᠢᠴᠠᠯ ᠡᠴᠡ ᠳᠠᠪᠠᠵᠠᠢ᠃ ᠡᠭᠦᠨ ᠳᠤ᠂ ᠰᠧᠴᠤᠸᠠᠨ᠂ ᠭᠦᠢᠵᠧᠦ᠂ ᠴᠦᠩᠴᠢᠩ᠂ ᠱᠠᠨᠰᠢ ᠲᠦᠷᠪᠡᠨ ᠮᠤᠵᠢ  ᠶᠢᠨ ᠪᠤᠳᠠᠲᠠᠢ ᠪᠡᠶᠡᠯᠡᠭᠦᠯᠦᠭ᠍ᠰᠡᠨ ᠬᠦᠷᠦᠩᠭᠡ ᠤᠷᠤᠭᠤᠯᠤᠯᠲᠠ ᠵᠠᠭᠤᠨ ᠳ᠋ᠦ᠋ᠩᠰᠢᠭᠤᠷ ᠲᠦᠭᠦᠷᠢᠭ᠌ ᠢ ᠳᠠᠪᠠᠵᠦ᠂ ᠪᠠᠷᠠᠭᠤᠨ ᠬᠡᠰᠡᠭ ᠤᠨ ᠬᠠᠯᠠᠮᠰᠢᠯ ᠤᠷᠤᠨ ᠪᠤᠯᠵᠠᠢ᠃ ᠵᠡᠭᠦᠨ ᠬᠡᠰᠡᠭ ᠤᠨ ᠪᠤᠳᠠᠲᠠᠢ ᠪᠡᠶᠡᠯᠡᠭᠦᠯᠦᠭ᠍ᠰᠡᠨ ᠬᠦᠷᠦᠩᠭᠡ ᠤᠷᠤᠭᠤᠯᠤᠯᠲᠠ 2277.8 ᠳ᠋ᠦ᠋ᠩᠰᠢᠭᠤᠷ ᠲᠦᠭᠦᠷᠢᠭ᠌ ᠲᠤ ᠬᠦᠷᠴᠦ ᠦᠩᠭᠡᠷᠡᠭᠰᠡᠨ ᠤᠨ ᠤ ᠮᠦᠨ ᠦᠶ᠎ᠡ᠎ᠡᠴᠡ 33.2% ᠪᠡᠷ ᠨᠡᠮᠡᠭᠳᠡᠭᠰᠡᠨ ᠪᠠᠶᠢᠨ᠎ᠠ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠩᠭ᠋ᠤᠯ ᠤᠨ ᠤᠳᠤᠭ ᠬᠤᠰᠢᠭᠤᠨ ᠤ ᠪᠠᠭᠠᠲᠤᠷ ᠤᠯᠠᠭᠠᠨ ᠤᠪᠤᠭ᠎ᠠ ᠶᠢᠨ ᠲᠠᠬᠢᠯᠭ᠎ᠠ ᠨᠢᠵᠢᠭᠡᠷ ᠪᠤᠯᠵᠦ ᠦᠩᠭᠡᠷᠡᠯ᠎ᠡ
  • ᠮᠤᠩᠭ᠋ᠤᠯ ᠰᠢᠳᠠᠷ᠎ᠠ ᠬᠡᠤᠬᠡᠳ ᠤᠨ ᠤᠷᠮ᠎ᠠ ᠶᠢ ᠲᠠᠳᠠᠵᠤ ᠪᠠᠶᠢᠨ᠎ᠠ
  • ᠦᠪᠦᠷ ᠮᠤᠨᠭᠭᠤᠯ ᠤᠨ ᠬᠤᠱᠤᠩ ᠤᠷᠠᠯᠢᠬ ᠤᠨ ᠠᠨᠭᠬᠠᠨ ᠤ ᠨᠠᠭᠠᠳᠤᠮ ᠪᠤᠯᠤᠯ᠎ᠠ
  • ᠦᠪᠦᠷ ᠮᠤᠨᠭᠭᠤᠯ ᠤᠨ ᠶᠡᠬᠡ ᠰᠤᠷᠭᠠᠭᠤᠯᠢ ᠶᠢᠨ ᠮᠤᠨᠭᠭᠤᠯ ᠤᠯᠤᠰ ᠢ ᠰᠤᠳᠤᠯᠬᠤ ᠬᠦᠷᠢᠶᠡᠯᠡᠩ ᠪᠠᠶᠢᠭᠤᠯᠤᠬᠳᠠᠪᠠ
关闭
010070230030000000000000011100001119211359