微信打开
蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ 27 ᠳ᠋ᠤᠭᠠᠷ ᠬᠤᠭᠤᠴᠠᠭᠠᠨ ᠤ ᠠᠶᠠᠯᠠᠯ ᠵᠢᠭᠤᠯᠴᠢᠯᠠᠯ ᠤᠨ ᠨᠠᠭᠠᠲᠤᠮ 7 ᠰᠠᠷ᠎ᠠ ᠶᠢᠨ 23 ᠤ ᠡᠲᠦᠷ ᠡᠴᠡ ᠡᠬᠢᠯᠡᠨ ᠶᠠᠪᠤᠭᠲᠠᠨ᠎ᠠ

2016-07-16 17:29

    ᠰᠢᠨᠬᠤᠸᠠ ᠨᠸᠲ   ᠬᠦᠬᠡᠬᠤᠲᠠ ᠶᠢᠨ 7 ᠰᠠᠷ᠎ᠠ ᠶᠢᠨ 15 ᠤ ᠡᠲᠦᠷ ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠯᠢ ᠶᠦᠨ ᠫᠢᠩ) ᠰᠤᠷᠪᠤᠯᠵᠢᠯᠠᠭᠴᠢ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠠᠶᠠᠯᠠᠯ ᠵᠢᠭᠤᠯᠴᠢᠯᠠᠯ ᠤᠨ ᠲᠤᠪᠴᠢᠶᠠᠨ ᠡᠴᠡ ᠤᠢᠢᠯᠠᠭᠠᠭᠰᠠᠨ ᠶᠢᠡᠷ ᠦᠪᠦᠷ ᠮᠤᠩᠭ᠋ᠤᠯ ᠤᠨ 27 ᠳ᠋ᠤᠭᠠᠷ ᠬᠤᠭᠤᠴᠠᠭᠠᠨ ᠤ ᠠᠶᠠᠯᠠᠯ ᠵᠢᠭᠤᠯᠴᠢᠯᠠᠯ ᠤᠨ ᠨᠠᠭᠠᠲᠤᠮ 7 ᠰᠠᠷ᠎ᠠ ᠶᠢᠨ 23 ᠤ ᠡᠲᠦᠷ ᠡᠴᠡ 29 ᠤ ᠡᠲᠦᠷ ᠪᠤᠯᠲᠠᠯ᠎ᠠ ᠴᠢᠯᠸ ᠶᠢᠨ ᠲᠠᠯ᠎ᠠ ᠨᠤᠲᠤᠭ ᠰᠤᠶᠤᠯ ᠤᠨ ᠵᠤᠭᠠᠴᠠᠯ ᠤᠨ ᠭᠠᠵᠠᠷ ᠶᠠᠪᠤᠭᠲᠠᠬᠤ ᠪᠤᠯᠤᠨ᠎ᠠ᠃

    ᠲᠠᠨᠢᠯᠴᠠᠭᠤᠯᠤᠭᠰᠠᠨ ᠶᠢᠡᠷ᠂ ᠲᠤᠰ ᠤᠲᠠᠭᠠᠨ ᠤ ᠨᠠᠭᠠᠲᠤᠮ ᠳ᠋ᠤ ᠮᠤᠩᠭ᠋ᠤᠯ ᠦᠨᠳᠦᠰᠦᠲᠡᠨ ᠤ ᠡᠷ᠎ᠡ ᠶᠢᠨ ᠭᠤᠷᠪᠠᠨ ᠨᠠᠭᠠᠲᠤᠮ ᠡᠴᠡ ᠭᠠᠲᠠᠨ᠎ᠠ ᠲᠤᠮᠲᠠᠲᠤ ᠤᠯᠤᠰ ᠤᠨ ᠮᠤᠩᠭ᠋ᠤᠯ ᠦᠨᠳᠦᠰᠦᠲᠡᠨ ᠤ ᠬᠤᠪᠴᠠᠰᠤ ᠵᠠᠰᠠᠯ ᠤᠨ ᠤᠷᠤᠯᠲᠤᠭᠠᠨ᠂ ᠲᠠᠯ᠎ᠠ ᠨᠤᠲᠤᠭ ᠤᠨ ᠠᠮᠲᠠᠲᠤ ᠢᠲᠡᠭᠡᠨ ᠤ ᠨᠠᠢᠢᠷ᠂ ᠤᠷᠠᠨ ᠵᠢᠷᠤᠭ ᠤᠷᠠᠨ ᠪᠢᠴᠢᠯᠭᠡ ᠶᠢᠨ ᠦᠵᠡᠬᠦᠯᠦᠯᠭᠡ ᠵᠡᠷᠭᠡ ᠪᠠᠶᠠᠯᠢᠭ ᠠᠭᠤᠯᠭ᠎ᠠ ᠲᠠᠢ ᠤᠷᠤᠯᠲᠤᠭᠠᠨ ᠴᠡᠩᠭᠡᠬᠦᠨ ᠢ ᠵᠤᠬᠢᠶᠠᠨ ᠪᠠᠢᠢᠭᠤᠯᠬᠤ ᠪᠤᠯᠤᠨ᠎ᠠ᠃

    ᠨᠠᠭᠠᠲᠤᠮ 2006 ᠤᠨ ᠳ᠋ᠤ ᠤᠯᠤᠰ ᠤᠨ ᠠᠩᠬᠠᠲᠠᠭᠴᠢ ᠪᠡᠶᠡᠲᠦ ᠪᠤᠰᠤ ᠰᠤᠶᠤᠯ ᠤᠨ ᠦᠪ ᠶᠢᠡᠷ ᠪᠦᠷᠢᠳᠭᠡᠭ᠍ᠲᠡᠵᠦ᠂ 1990 ᠤᠨ ᠡᠴᠡ ᠦᠪᠦᠷ ᠮᠤᠩᠭ᠋ᠤᠯ ᠤᠨ ᠠᠩᠬᠠᠲᠠᠭᠴᠢ ᠬᠤᠭᠤᠴᠠᠭᠠᠨ ᠤ ᠠᠶᠠᠯᠠᠯ ᠵᠢᠭᠤᠯᠴᠢᠯᠠᠯ ᠤᠨ ᠨᠠᠭᠠᠲᠤᠮ ᠤᠨ ᠬᠤᠷᠠᠯ ᠢ ᠵᠤᠬᠢᠶᠠᠨ ᠪᠠᠢᠢᠭᠤᠯᠤᠭᠰᠠᠨ ᠡᠴᠡ ᠨᠠᠭᠠᠰᠢ ᠠᠶᠠᠯᠠᠯ ᠵᠢᠭᠤᠯᠴᠢᠯᠠᠯ ᠶᠢᠡᠷ ᠨᠡᠷᠡᠢᠢᠲᠦᠭᠰᠡᠨ ᠨᠡᠷᠡᠲᠦ ᠲᠡᠮᠲᠡᠭᠲᠦ ᠪᠤᠯᠵᠠᠢ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠩᠭ᠋ᠤᠯ ᠤᠨ ᠤᠳᠤᠭ ᠬᠤᠰᠢᠭᠤᠨ ᠤ ᠪᠠᠭᠠᠲᠤᠷ ᠤᠯᠠᠭᠠᠨ ᠤᠪᠤᠭ᠎ᠠ ᠶᠢᠨ ᠲᠠᠬᠢᠯᠭ᠎ᠠ ᠨᠢᠵᠢᠭᠡᠷ ᠪᠤᠯᠵᠦ ᠦᠩᠭᠡᠷᠡᠯ᠎ᠡ
  • ᠮᠤᠩᠭ᠋ᠤᠯ ᠰᠢᠳᠠᠷ᠎ᠠ ᠬᠡᠤᠬᠡᠳ ᠤᠨ ᠤᠷᠮ᠎ᠠ ᠶᠢ ᠲᠠᠳᠠᠵᠤ ᠪᠠᠶᠢᠨ᠎ᠠ
  • ᠦᠪᠦᠷ ᠮᠤᠨᠭᠭᠤᠯ ᠤᠨ ᠬᠤᠱᠤᠩ ᠤᠷᠠᠯᠢᠬ ᠤᠨ ᠠᠨᠭᠬᠠᠨ ᠤ ᠨᠠᠭᠠᠳᠤᠮ ᠪᠤᠯᠤᠯ᠎ᠠ
  • ᠦᠪᠦᠷ ᠮᠤᠨᠭᠭᠤᠯ ᠤᠨ ᠶᠡᠬᠡ ᠰᠤᠷᠭᠠᠭᠤᠯᠢ ᠶᠢᠨ ᠮᠤᠨᠭᠭᠤᠯ ᠤᠯᠤᠰ ᠢ ᠰᠤᠳᠤᠯᠬᠤ ᠬᠦᠷᠢᠶᠡᠯᠡᠩ ᠪᠠᠶᠢᠭᠤᠯᠤᠬᠳᠠᠪᠠ
关闭
010070230030000000000000011120791119230060