微信打开
蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭᠣᠯ ᠤᠨ ᠴᠢᠰᠤᠨ ᠤ ᠨᠦᠬᠡᠴᠡ ᠲᠦᠭᠰᠢᠭᠦᠷᠢ ᠵᠠᠷᠯᠠᠵᠤ ᠬᠣᠲᠠ ᠶᠢᠨ ᠠᠷᠠᠳ ᠤᠨ ᠢᠳᠡᠪᠬᠢᠲᠠᠢ ᠴᠢᠰᠤ ᠬᠠᠨᠳᠢᠪᠯᠠᠬᠤ ᠶᠢ ᠬᠦᠰᠡᠵᠤ ᠪᠠᠶᠢᠨ᠎ᠠ

2016-07-27 12:00

    ᠴᠢᠰᠤ ᠬᠠᠳᠠᠭᠠᠯᠠᠬᠤ ᠲᠦᠪ ᠤᠨ ᠡᠳᠤᠷ ᠪᠦᠷᠢ ᠶᠢᠨ ᠴᠢᠰᠤᠨ ᠤ ᠨᠦᠬᠡᠴᠨ  ᠶᠢᠨ ᠬᠡᠮᠵᠢᠶ᠎ᠠ 28 ᠲᠦᠮᠡᠨ ᠮᠢᠯᠢᠯᠢᠲ᠋ᠧᠷ ᠡᠴᠡ ᠳᠡᠭᠡᠭ᠍ᠰᠢ ᠪᠠᠶᠢᠬᠤ ᠵᠣᠬᠢᠰᠲᠠᠢ᠂ ᠨᠦᠬᠡᠴᠡ ᠭᠡᠲᠤ ᠪᠠᠭ᠎ᠠ ᠪᠤᠯ ᠭᠡᠨᠡᠳᠲᠠ ᠶᠢᠨ ᠪᠠᠶᠢᠳᠠᠯ  ᠳᠤ ᠲᠦᠷᠭᠡᠨ ᠡᠮᠴᠢᠯᠡᠭᠡᠡ ᠳᠤ ᠴᠢᠰᠤ ᠬᠡᠷᠡᠭᠯᠡᠬᠦ ᠶᠢ ᠰᠠᠭᠠᠲᠠᠭᠠᠨᠠ᠎ᠠ ᠃ 7 ᠳ᠋ᠤᠭᠠᠷ ᠰᠠᠷ᠎ᠠ ᠡᠴᠡ ᠡᠬᠢᠯᠡᠨ ᠨᠢᠷᠠᠶᠢᠯᠠᠭᠴᠢᠳ ᠤᠨ ᠣᠷᠬᠢᠯ  ᠬᠣᠭᠤᠴᠠᠭ᠎ᠠ ᠪᠣᠯᠤᠨ ᠡᠮᠴᠢᠯᠡᠭᠡᠨ  ᠤ ᠮᠡᠰᠡ ᠵᠠᠰᠠᠯ ᠬᠢᠭᠦ ᠣᠷᠬᠢᠯ ᠬᠣᠭᠤᠴᠠᠭ᠎ᠠ ᠪᠣᠯᠤᠭᠰᠠᠨ ᠡᠴᠡ ᠡᠮᠴᠢᠯᠡᠭᠡᠨ  ᠳᠤ ᠬᠡᠷᠡᠭᠯᠡᠬᠦ ᠴᠢᠰᠤᠨ ᠤ ᠬᠡᠮᠵᠢᠶ᠎ᠠ ᠰᠢᠷᠤᠭᠦᠨ ᠨᠡᠮᠡᠭᠳᠡᠵᠠᠢ᠃ ᠪᠠᠰᠠ ᠴᠠᠭ ᠠᠭᠠᠷ ᠠᠠᠭᠠᠬᠢᠮ᠎ᠠ ᠬᠠᠯᠠᠭᠤᠨ ᠂ ᠴᠢᠰᠤ ᠬᠠᠨᠳᠢᠪᠯᠠᠬᠤ ᠬᠦᠮᠦᠨ ᠴᠦᠭᠡᠷᠡᠭᠰᠡᠨ᠂ ᠶᠡᠬᠡ ᠰᠤᠷᠭᠠᠭᠤᠯᠢ ᠶᠢᠨ ᠤᠶᠤᠲᠠᠳ ᠠᠮᠠᠷᠠᠯᠲᠠ ᠳᠤ ᠭᠡᠷ ᠲᠤ ᠪᠡᠨ ᠬᠠᠷᠢᠭᠰᠠᠨ ᠡᠴᠡ ᠴᠢᠰᠤ ᠬᠤᠷᠠᠮᠳᠤᠭᠤᠯᠬᠤ ᠬᠢᠬᠡᠳ ᠴᠢᠰᠤᠨ ᠤ ᠨᠦᠬᠡᠴᠡ ᠵᠢ ᠪᠠᠳᠤᠯᠠᠬᠤ  ᠶᠢ ᠶᠡᠬᠡ ᠨᠥᠯᠦᠬᠡᠯᠡᠵᠠᠢ᠃

    26 ᠤ᠋ ᠡᠳᠤᠷ᠂ ᠰᠣᠷᠪᠤᠯᠵᠢᠯᠠᠭᠴᠢ ᠥᠪᠦᠷ ᠮᠣᠩᠭᠣᠯ ᠤᠨ ᠴᠢᠰᠤ ᠬᠠᠳᠠᠭᠠᠯᠠᠬᠤ ᠲᠦᠪ ᠡᠴᠡ ᠤᠶᠢᠯᠠᠭᠠᠭᠰᠠᠨ ᠢᠶᠡᠷ᠂ ᠤᠳᠤᠬᠠᠨ ᠳᠤ ᠴᠢᠰᠤ ᠬᠠᠳᠠᠭᠠᠯᠠᠬᠤ ᠲᠦᠪ ᠤᠨ ᠴᠢᠰᠤᠨ ᠤ ᠨᠦᠬᠡᠴᠡ ᠨᠢᠭᠡᠨᠲᠠ 8 ᠲᠦᠮᠡᠨ ᠮᠢᠯᠢᠯᠢᠲ᠋ᠧᠷ ᠬᠦᠷᠬᠦ ᠦᠬᠡᠢ ᠪᠤᠯᠵᠤ ᠂ A,B,O,AB ᠳᠦᠷᠪᠡᠨ ᠬᠡᠯᠪᠡᠷᠢ ᠶᠢᠨ ᠴᠢᠰᠤ ᠪᠦᠬᠦᠨ ᠢᠶᠡᠷ ᠢᠶᠡᠨ ᠲᠤᠲᠠᠬᠳᠠᠵᠤ ᠪᠠᠶᠢᠨ᠎ᠠ᠃ ᠤᠶᠢᠯᠠᠭᠠᠭᠰᠠᠨ ᠢᠶᠡᠷ᠂ ᠴᠢᠰᠤ ᠬᠠᠳᠠᠭᠠᠯᠠᠬᠤ ᠲᠦᠪ ᠡᠳᠤᠷ ᠪᠦᠷᠢ ᠡᠯ᠎ᠠ ᠡᠮᠨᠡᠯᠭᠡ ᠳᠤ 4 ᠲᠦᠮᠨ ᠡᠴᠡ 5 ᠲᠦᠮᠡᠨ ᠮᠢᠯᠢᠯᠢᠲ᠋ᠧᠷ  ᠴᠢᠰᠤ ᠬᠠᠩ᠋ᠭᠠᠳᠠᠭ᠂ ᠳᠠᠷᠤᠢ ᠡᠮᠨᠡᠯᠭᠡ ᠶᠢᠨ ᠬᠣᠷᠢᠶ᠎ᠠ ᠡᠳᠤᠷ ᠲᠤ 4 ᠲᠦᠮᠨ ᠡᠴᠡ 5 ᠲᠦᠮᠡᠨ ᠮᠢᠯᠢᠯᠢᠲ᠋ᠧᠷ ᠤᠨ ᠴᠢᠰᠤ ᠬᠡᠷᠡᠭᠰᠡᠨ᠎ᠠ ᠭᠡᠰᠡᠨ ᠦᠭᠡ᠃ ᠡᠨᠡ ᠨᠢ ᠡᠳᠤᠷ ᠲᠤ ᠴᠢᠰᠤ ᠬᠠᠨᠳᠢᠪᠯᠠᠬᠤ ᠬᠦᠮᠦᠨ ᠪᠠᠷᠤᠭ 200 ᠵ᠋᠋ᠢ ᠬᠡᠷᠡᠭᠰᠡᠨ᠎ᠠ ᠃

    ᠴᠢᠰᠤ ᠬᠠᠳᠠᠭᠠᠯᠠᠬᠤ ᠲᠦᠪ ᠡᠴᠡ ᠡᠯ᠎ᠠ ᠪᠠᠶᠢᠭᠤᠯᠭ᠎ᠠ᠂ ᠡᠯ᠎ᠠ ᠪᠠᠭ ᠤᠨ ᠤᠳᠤᠷᠢᠳᠤᠯᠭ᠎ᠠ ᠴᠢᠰᠤ ᠬᠠᠨᠳᠢᠪᠯᠠᠬᠤ ᠶᠢ ᠴᠢᠬᠤᠯᠠᠴᠢᠯᠠᠬᠤ ᠶᠢᠨ ᠬᠠᠮᠲᠤ ᠳᠡᠮᠵᠢᠵᠤ᠂ ᠪᠠᠶᠢᠭᠤᠯᠭ᠎ᠠ ᠶᠢᠨ ᠠᠵᠢᠯᠲᠠᠳ ᠢᠶᠡᠨ ᠳᠠᠭᠠᠭᠤᠯᠤᠨ ᠴᠢᠰᠤ ᠬᠠᠨᠳᠢᠪᠯᠠᠬᠤ ᠠᠵᠢᠯᠯᠠᠭ᠎ᠠ ᠳᠤ ᠣᠷᠤᠯᠴᠠᠬᠤ ᠪᠤᠶᠤ ᠬᠣᠲᠠ ᠶᠢᠨ ᠠᠷᠠᠳ ᠴᠢᠰᠤ ᠪᠠᠨ ᠬᠠᠨᠳᠢᠪᠯᠠᠵᠤ ᠬᠠᠶᠢᠷ᠎ᠠ ᠶᠢᠨ ᠬᠠᠯᠠᠭᠤᠨ ᠰᠡᠳᠬᠢᠯᠬᠡ ᠪᠡᠷ ᠢᠶᠡᠨ ᠢᠯᠡᠭᠦᠤ ᠨᠢᠭᠡ ᠠᠮᠢ ᠵᠢ  ᠠᠪᠤᠷᠠᠬᠤ ᠵᠢ ᠤᠷᠢᠶᠠᠯᠠᠵᠤ ᠪᠠᠶᠢᠨ᠎ᠠ᠃ (ᠳᠠᠳᠤᠯᠭ᠎ᠠ ᠶᠢᠨ ᠨᠠᠶᠢᠷᠠᠭᠤᠯᠤᠬᠴᠢ ᠰᠤᠷᠤᠶ᠎ᠠ ᠤᠷᠴᠢᠭᠤᠯᠤᠨ ᠨᠠᠶᠢᠷᠠᠭᠤᠯᠪᠠ)

ᠢᠷᠡᠯᠳᠡ᠄ ᠬᠦᠬᠡᠬᠤᠲᠠ ᠶᠢᠨ ᠤᠷᠤᠢ ᠶᠢᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠩᠭ᠋ᠤᠯ ᠤᠨ ᠤᠳᠤᠭ ᠬᠤᠰᠢᠭᠤᠨ ᠤ ᠪᠠᠭᠠᠲᠤᠷ ᠤᠯᠠᠭᠠᠨ ᠤᠪᠤᠭ᠎ᠠ ᠶᠢᠨ ᠲᠠᠬᠢᠯᠭ᠎ᠠ ᠨᠢᠵᠢᠭᠡᠷ ᠪᠤᠯᠵᠦ ᠦᠩᠭᠡᠷᠡᠯ᠎ᠡ
  • ᠮᠤᠩᠭ᠋ᠤᠯ ᠰᠢᠳᠠᠷ᠎ᠠ ᠬᠡᠤᠬᠡᠳ ᠤᠨ ᠤᠷᠮ᠎ᠠ ᠶᠢ ᠲᠠᠳᠠᠵᠤ ᠪᠠᠶᠢᠨ᠎ᠠ
  • ᠦᠪᠦᠷ ᠮᠤᠨᠭᠭᠤᠯ ᠤᠨ ᠬᠤᠱᠤᠩ ᠤᠷᠠᠯᠢᠬ ᠤᠨ ᠠᠨᠭᠬᠠᠨ ᠤ ᠨᠠᠭᠠᠳᠤᠮ ᠪᠤᠯᠤᠯ᠎ᠠ
  • ᠦᠪᠦᠷ ᠮᠤᠨᠭᠭᠤᠯ ᠤᠨ ᠶᠡᠬᠡ ᠰᠤᠷᠭᠠᠭᠤᠯᠢ ᠶᠢᠨ ᠮᠤᠨᠭᠭᠤᠯ ᠤᠯᠤᠰ ᠢ ᠰᠤᠳᠤᠯᠬᠤ ᠬᠦᠷᠢᠶᠡᠯᠡᠩ ᠪᠠᠶᠢᠭᠤᠯᠤᠬᠳᠠᠪᠠ
关闭
010070230030000000000000011100001119289381