微信打开
蒙古文网站Logo
ᠰᠢᠨᠬᠤᠸᠠ ᠮᠤᠩᠭ᠋ᠤᠯ ᠨᠧᠲ

ᠮᠠᠨᠵᠤᠤᠷ — ᠰᠢᠯᠢᠩᠬᠤᠲᠠ ᠴᠢᠭᠯᠡᠯ ᠳᠤ ᠠᠶᠠᠨᠴᠢᠳ ᠤᠨ ᠭᠠᠯᠲᠤ ᠲᠡᠷᠭᠡ ᠨᠡᠮᠡᠨ ᠲᠤᠬᠢᠷᠠᠭᠤᠯᠬᠤ ᠪᠡᠷ ᠪᠠᠶᠢᠨ᠎ᠠ

2016-08-18 17:00

ᠰᠢᠨᠬᠤᠧᠠ ᠮᠣᠩᠭᠣᠯ ᠨᠧᠲ  ᠬᠦᠬᠡᠬᠤᠲᠠ ᠶᠢᠨ 8 ᠰᠠᠷ᠎ᠠ ᠶᠢᠨ 18 ᠤ᠋ ᠡᠳᠦᠷ ᠤᠨ ᠴᠠᠬᠢᠯᠭᠠᠨ ᠮᠡᠳᠡᠭᠡ (ᠬ・ᠦᠵᠡᠰᠭᠦᠯᠡᠩ) 8 ᠰᠠᠷ᠎ᠠ ᠶᠢᠨ 20 ᠤ᠋ ᠡᠳᠦᠷ ᠡᠴᠡ ᠡᠬᠢᠯᠡᠨ ᠮᠠᠨᠵᠤᠤᠷ  ᠰᠢᠯᠢᠩᠬᠤᠲᠠ ᠴᠢᠭᠯᠡᠯ ᠤᠨ K4906/7 ᠡᠭᠡᠯᠵᠢ ᠶᠢᠨ ᠠᠶᠠᠨᠴᠢᠳ ᠤᠨ ᠭᠠᠯᠲᠤ ᠲᠡᠷᠭᠡ ᠶᠢ ᠨᠡᠮᠡᠨ ᠲᠤᠬᠢᠷᠠᠭᠤᠯᠤᠨ᠎ᠠ᠃

ᠤᠶᠢᠯᠠᠭᠠᠭᠰᠠᠨ ᠢᠶᠡᠷ ᠲᠤᠰ ᠡᠭᠡᠯᠵᠢ ᠶᠢᠨ ᠭᠠᠯᠲᠤ ᠲᠡᠷᠭᠡ ᠭᠤᠷᠪᠠᠨ ᠬᠤᠨᠤᠭ ᠠᠯᠤᠰᠯᠠᠭᠠᠳ ᠨᠢᠭᠡ ᠠᠶᠠᠯᠠᠵᠤ᠂ ᠡᠬᠢᠨ ᠤ ᠦᠷᠲᠡᠭᠡ ᠮᠠᠨᠵᠤᠤᠷ ᠡᠴᠡ 17᠄ 08 ᠴᠠᠭ ᠲᠦ ᠬᠦᠳᠡᠯᠵᠤ᠂ ᠵᠠᠯᠠᠶᠢᠨᠠᠭᠤᠷ ᠤᠨ ᠪᠠᠷᠠᠭᠤᠨ᠂ ᠬᠠᠶᠢᠯᠠᠷ᠂ ᠢᠮᠢᠨ᠂ ᠷᠠᠰᠢᠶᠠᠨ ᠤ ᠬᠤᠶᠢᠲᠤ᠂ ᠷᠠᠰᠢᠶᠠᠨ᠂ ᠡᠯ ᠯᠦᠩ ᠲᠦᠨ᠂ ᠬᠠᠷᠠᠨᠠᠭᠤᠷ᠂ ᠵᠦᠰᠠᠬᠤᠧᠠ᠂ ᠬᠤᠤᠯᠢᠩ᠋ᠭᠤᠤᠯ ᠵᠡᠷᠭᠡ ᠥᠷᠲᠡᠭᠡ ᠶᠢ ᠳᠠᠮᠵᠢᠨ ᠳᠠᠷᠠᠭ᠎ᠠ ᠡᠳᠦᠷ ᠤᠨ ᠬᠢᠨᠢ16᠄ 59 ᠴᠠᠭ ᠲᠦ ᠡᠴᠦᠰ ᠤᠨ ᠦᠷᠲᠡᠭᠡ ᠰᠢᠯᠢᠩᠬᠤᠲᠠ ᠳᠦ ᠬᠦᠷᠦᠨ᠎ᠠ᠃ ᠭᠠᠯᠲᠤ ᠲᠡᠷᠭᠡᠨ ᠤ ᠲᠠᠰᠤᠯᠪᠤᠷᠢ ᠵᠠᠬᠢᠶᠠᠯᠠᠬᠤ ᠬᠦᠮᠦᠰ 13 ᠡᠳᠦᠷ ᠤᠷᠢᠳᠴᠢᠯᠠᠨ ᠭᠠᠯᠲᠤ ᠲᠡᠷᠭᠡᠨ ᠦᠷᠲᠡᠭᠡ᠂ ᠤᠷᠤᠯᠠᠨ ᠬᠤᠳᠠᠯᠳᠤᠬᠤ ᠴᠡᠭ ᠡᠴᠡ ᠬᠤᠳᠠᠯᠳᠤᠨ ᠠᠪᠬᠤ ᠪᠤᠶᠤ 12306 ᠲᠡᠮᠦᠷ ᠵᠠᠮ ᠤᠨ ᠠᠯᠪᠠᠨ ᠤ ᠰᠠᠶᠢᠲ᠂ APP᠂ ᠠᠯᠪᠠᠨ ᠤᠲᠠᠰᠤ ᠪᠡᠷ 15 ᠡᠳᠦᠷ ᠤᠷᠢᠳᠴᠢᠯᠠᠨ ᠵᠠᠬᠢᠶᠠᠯᠠᠵᠤ ᠪᠤᠯᠤᠨ᠎ᠠ᠃

ᠢᠷᠡᠯᠳᠡ᠄ ᠰᠢᠨᠬᠤᠧᠠ ᠮᠣᠩᠭᠣᠯ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠬᠠᠰᠠᠷ ᠬᠢᠭᠡᠳ ᠬᠤᠷᠴᠢᠨ ᠤ ᠲᠡᠦᠬᠡ ᠰᠤᠶᠤᠯ ᠤᠨ ᠡᠷᠲᠡᠮ ᠰᠢᠨᠵᠢᠯᠡᠭᠡᠨ ᠤ ᠬᠤᠷᠠᠯ ᠪᠤᠯᠪᠠ
  • ᠮᠤᠨᠭᠭᠤᠯ ᠤᠯᠤᠰ ᠤᠨ ᠺᠠᠷᠲ᠋ᠤᠨ ᠬᠡᠤᠬᠡᠯᠳᠡᠢ ᠨᠤᠮ《ᠴᠢᠩᠬᠢᠰ ᠬᠠᠭᠠᠨ》ᠮᠤᠨᠭᠭᠤᠯ ᠬᠢᠳᠠᠳ ᠪᠢᠴᠢᠭ᠌ ᠢᠶᠡᠷ ᠬᠡᠪᠯᠡᠭᠳᠡᠨ ᠤᠩᠰᠢᠭᠴᠢᠳ ᠲᠠᠢ ᠵᠤᠯᠭᠠᠯ᠎ᠠ
  • ᠳ᠋ᠤ᠋﹒ᠳᠦᠮᠡᠨᠪᠠᠶᠠᠷ ᠪᠦᠬᠦ ᠤᠯᠤᠰ ᠤᠨ ᠠᠷᠪᠠᠨ ᠨᠡᠷᠡᠳᠦ ᠤᠩᠰᠢᠭᠴᠢ ᠶᠢᠨ ᠨᠢᠭᠡᠨ ᠢᠶᠡᠷ ᠲᠤᠳᠤᠷᠠᠯ᠎ᠠ
关闭
010070230030000000000000011100001119418156