微信打开
蒙古文网站Logo
ᠰᠢᠨᠬᠤᠸᠠ ᠮᠤᠩᠭ᠋ᠤᠯ ᠨᠧᠲ

ᠮᠢᠺᠷᠤᠪ ᠤᠨ ᠡᠬᠢ ᠰᠤᠷᠪᠤᠯᠵᠢ ᠶᠢᠨ ᠡᠷᠳᠡᠮ ᠰᠢᠨᠵᠢᠯᠡᠭᠡᠨ ᠤ ᠬᠤᠷᠠᠯ ᠬᠦᠬᠡᠬᠤᠲᠠ ᠳᠤ ᠪᠤᠯᠪᠠ

2016-08-18 17:02

    ᠰᠢᠨᠬᠤᠸᠠ ᠮᠤᠨᠭᠭᠤᠯ ᠨᠧᠲ  8 ᠰᠠᠷ᠎ᠠ ᠶᠢᠨ 18 ᠤ᠋ ᠡᠳᠦᠷ ᠤᠨ ᠴᠠᠬᠢᠯᠭᠠᠨ ᠮᠡᠳᠡᠭᠡ (ᠰᠠᠷᠠᠨᠲᠦᠶᠠᠭ᠎ᠠ) ᠨᠠᠶ᠋ᠮᠠᠳᠤᠭᠠᠷ ᠬᠤᠭᠤᠴᠠᠭᠠᠨ ᠤ ᠮᠢᠺᠷᠤᠪ ᠤᠨ ᠡᠬᠢ ᠰᠤᠷᠪᠤᠯᠵᠢ ᠶᠢᠨ ᠡᠷᠳᠡᠮ ᠰᠢᠨᠵᠢᠯᠡᠭᠡ ᠵᠢᠴᠢ ᠤᠯᠤᠰ ᠤᠨ ᠮᠢᠺᠷᠤᠪ ᠤᠨ ᠡᠬᠢ ᠰᠤᠷᠪᠤᠯᠵᠢ ᠶᠢᠨ ᠲᠠᠪᠴᠠᠩ ᠤᠨ ᠠᠵᠢᠯᠯᠠᠭᠠᠨ ᠳᠤ ᠦᠢᠯᠡᠴᠢᠯᠡᠬᠦ ᠡᠷᠳᠡᠮ ᠰᠢᠨᠵᠢᠯᠡᠭᠡᠨ ᠤ ᠬᠤᠷᠠᠯ ᠲᠤᠰ ᠡᠳᠦᠷ ᠬᠦᠬᠡᠬᠤᠲᠠ ᠳᠤ ᠨᠡᠭᠡᠭᠡᠯᠲᠡ ᠪᠠᠨ ᠬᠢᠯ᠎ᠡ᠃ ᠡᠭᠦᠨ ᠳᠤ ᠮᠤᠨᠭᠭᠤᠯ ᠤᠯᠤᠰ ᠤᠨ ᠲᠦᠯᠦᠭᠡᠯᠡᠬᠦ ᠪᠠᠭ ᠢ ᠪᠠᠬᠲᠠᠭᠠᠬᠰᠠᠨ ᠤᠯᠤᠰ ᠤᠨ ᠲᠤᠳᠤᠭᠠᠳᠤ ᠭᠠᠳᠠᠭᠠᠳᠤ ᠶᠢᠨ 500 ᠭᠠᠷᠤᠢ ᠲᠦᠯᠦᠭᠡᠯᠡᠭᠴᠢᠳ ᠬᠤᠷᠠᠯ ᠳᠤ ᠤᠷᠤᠯᠴᠠᠵᠦ᠂ ᠢᠯᠡᠳᠬᠡᠯ ᠳᠡᠪᠰᠢᠭᠦᠯᠬᠦ ᠶᠢᠨ ᠳᠠᠭᠠᠤ ᠰᠠᠨᠠᠯ ᠢᠶᠡᠨ ᠰᠤᠯᠢᠯᠴᠠᠬᠤ ᠪᠡᠷ ᠪᠤᠢ᠃

    ᠦᠪᠦᠷ ᠮᠤᠨᠭᠭᠤᠯ ᠤᠨ ᠲᠠᠷᠢᠶᠠᠯᠠᠩ ᠤᠨ ᠶᠡᠬᠡ ᠰᠤᠷᠭᠠᠭᠤᠯᠢ ᠶᠢᠨ ᠫᠷᠤᠹᠧᠰᠰᠤᠷ᠂ ᠬᠤᠷᠠᠯ ᠵᠤᠬᠢᠶᠠᠨ ᠪᠠᠶᠢᠭᠤᠯᠬᠤ ᠺᠤᠮᠢᠰ ᠤᠨ ᠭᠤᠤᠯ ᠬᠠᠷᠢᠭᠤᠴᠠᠯᠭᠠᠲᠠᠨ ᠮᠦᠩᠬᠡᠪᠢᠯᠢᠭ᠌ ᠤᠨ ᠲᠠᠨᠢᠯᠴᠠᠭᠤᠯᠤᠬᠰᠠᠨ ᠢᠶᠡᠷ᠂ ᠵᠢᠯ ᠳᠤ ᠨᠢᠭᠡ ᠪᠤᠯᠳᠠᠬ ᠡᠨᠡᠬᠦ ᠬᠤᠷᠠᠯ ᠨᠢ ᠤᠳᠤ ᠨᠢᠭᠡᠨᠲᠡ ᠨᠠᠶ᠋ᠮᠠᠳᠠᠬᠢ ᠤᠳᠠᠭ᠎ᠠ ᠪᠠᠨ ᠬᠤᠷᠠᠯᠳᠤᠵᠤ ᠪᠤᠢ᠂ ᠤᠤᠯ ᠨᠢ ᠤᠯᠤᠰ ᠤᠨ ᠬᠡᠪᠴᠢᠶᠡᠨ ᠳᠤ ᠬᠤᠷᠠᠯᠳᠤᠳᠠᠬ ᠪᠠᠶᠢᠬᠰᠠᠨ ᠢᠶᠡᠨ ᠦᠩᠭᠡᠷᠡᠭᠰᠡᠨ ᠤᠨ ᠡᠴᠡ ᠡᠬᠢᠯᠡᠭᠡᠳ ᠤᠯᠠᠨ ᠤᠯᠤᠰ ᠤᠨ ᠬᠡᠪᠴᠢᠶᠡᠨ ᠳᠤ ᠵᠤᠬᠢᠶᠠᠨ ᠪᠠᠶᠢᠭᠤᠯᠳᠠᠬ ᠪᠤᠯᠵᠦ᠂ ᠤᠯᠤᠰ ᠤᠨ ᠳᠤᠳᠤᠭᠠᠳᠤ ᠭᠠᠳᠠᠭᠠᠳᠤ ᠶᠢᠨ ᠡᠷᠳᠡᠮᠲᠡᠳ ᠤᠨ ᠮᠢᠺᠷᠤᠪ ᠰᠤᠳᠤᠯᠤᠯ ᠤᠨ ᠲᠠᠯ᠎ᠠ ᠪᠡᠷ ᠬᠢ ᠦᠷ᠎ᠡ ᠪᠦᠲᠦᠭᠡᠯ ᠢᠶᠡᠨ ᠳᠡᠯᠭᠡᠵᠦ ᠦᠵᠡᠯ ᠪᠤᠳᠤᠯ ᠢᠶᠡᠨ ᠰᠤᠯᠢᠯᠴᠠᠬᠤ ᠰᠠᠶᠢᠬᠠᠨ ᠲᠠᠪᠴᠠᠩ ᠪᠤᠯᠵᠠᠢ᠃

    《〈ᠨᠢᠭᠡ ᠪᠦᠰᠡ ᠨᠢᠭᠡ ᠵᠠᠮ〉 ᠤ᠋ᠨ ᠪᠠᠶᠢᠯᠳᠤᠬᠤ ᠪᠤᠳᠤᠯᠭ᠎ᠠ ᠶᠢᠨ ᠤᠷᠢᠶᠠᠯᠠᠯ ᠳᠠᠭᠠᠤ ᠳᠤᠮᠳᠠᠳᠤ ᠮᠤᠨᠭᠭᠤᠯ ᠬᠤᠶᠠᠷ ᠤᠷᠤᠨ ᠤ ᠬᠦᠳᠡᠭᠡ ᠠᠵᠦ ᠠᠬᠤᠢ᠂ ᠮᠤᠨᠭᠭᠤᠯ ᠡᠮ ᠡᠮᠨᠡᠯᠭᠡ᠂ ᠠᠭᠤᠯᠠ ᠠᠭᠤᠷᠬᠠᠢ᠂ ᠪᠠᠶᠢᠭᠠᠯᠢ ᠤᠷᠴᠢᠨ ᠤ ᠲᠠᠯ᠎ᠠ ᠪᠡᠷ ᠬᠢ ᠬᠠᠮᠲᠤᠷᠠᠯᠴᠠᠭ᠎ᠠ ᠤᠯᠠᠰᠢᠷᠠᠬᠰᠠᠨ᠃ ᠡᠭᠦᠨ ᠳᠤ ᠮᠢᠺᠷᠤᠪ ᠰᠤᠳᠤᠯᠤᠯ ᠵᠡᠷᠭᠡ ᠰᠢᠨᠵᠢᠯᠡᠬᠦ ᠤᠬᠠᠭᠠᠨ ᠰᠤᠳᠤᠯᠭᠠᠨ ᠤ ᠲᠠᠯ᠎ᠠ ᠳᠤ ᠮᠦᠨ ᠬᠠᠮᠲᠤᠷᠠᠨ ᠠᠵᠢᠯᠯᠠᠬᠤ ᠬᠦᠷᠢᠶ᠎ᠡ ᠴᠠᠷ᠎ᠠ ᠤᠯᠠᠮ ᠦᠷᠭᠡᠵᠢᠵᠦ᠂ ᠡᠷᠳᠡᠮᠳᠡᠨ ᠰᠤᠳᠤᠯᠤᠭᠠᠲᠠᠳ ᠤᠨ ᠬᠠᠷᠢᠯᠴᠠᠭ᠎ᠠ ᠤᠯᠠᠮ  ᠰᠠᠶᠢᠵᠢᠷᠠᠬᠰᠠᠨ᠃ ᠡᠭᠦᠨ ᠳᠤ ᠦᠪᠦᠷ ᠮᠤᠨᠭᠭᠤᠯ ᠤᠨ ᠲᠠᠷᠢᠶᠠᠯᠠᠩ ᠤᠨ ᠶᠡᠬᠡ ᠰᠤᠷᠭᠠᠭᠤᠯᠢ ᠬᠤᠶᠠᠷ ᠤᠷᠤᠨ ᠤ ᠰᠤᠶᠤᠯ ᠰᠢᠨᠵᠢᠯᠡᠬᠦ ᠤᠬᠠᠭᠠᠨ ᠤ ᠬᠠᠮᠲᠤᠷᠠᠯᠴᠠᠭᠠᠨ ᠳᠤ ᠶᠡᠬᠡᠬᠡᠨ ᠬᠤᠪᠢ ᠨᠡᠮᠡᠷᠢ ᠤᠷᠤᠭᠤᠯᠵᠦ ᠪᠠᠶᠢᠭ᠎ᠠ᠂ ᠡᠷᠳᠡᠮᠳᠡᠳ ᠤᠨ ᠬᠠᠮᠲᠤᠷᠠᠯᠴᠠᠭ᠎ᠠ ᠴᠤ ᠨᠡᠯᠢᠶᠡᠳ ᠦᠷ᠎ᠡ ᠪᠦᠲᠦᠮᠵᠢ ᠲᠠᠢ ᠪᠤᠯᠤᠯ᠎ᠠ᠃ ᠬᠤᠶᠢᠰᠢᠲᠠ ᠭᠡᠭᠦᠤ ᠶᠢᠨ ᠰᠦ᠂ ᠠᠳᠤᠭᠤᠨ ᠤ ᠮᠢᠬ᠎ᠠ᠂ ᠢᠩᠭᠡᠨ ᠤ ᠰᠦ ᠵᠡᠷᠭᠡ ᠮᠠᠯ ᠤᠨ ᠠᠰᠢᠬ ᠰᠢᠮ᠎ᠡ ᠶᠢᠨ ᠪᠦᠲᠦᠭᠡᠭᠳᠡᠭᠦᠨ ᠤ ᠲᠠᠯ᠎ᠠ ᠪᠡᠷ ᠬᠢ ᠰᠤᠳᠤᠯᠤᠯ ᠢᠶᠡᠨ ᠴᠢᠨᠡᠬᠰᠢᠳᠠ ᠨᠡᠩ ᠨᠠᠷᠢᠨ ᠭᠦᠨᠵᠡᠭᠡᠢ ᠬᠢᠬᠦ ᠪᠡᠷ ᠲᠥᠰᠦᠪᠯᠡᠵᠤ ᠪᠤᠢ》ᠬᠡᠮᠡᠨ ᠦᠪᠦᠷ ᠮᠤᠨᠭᠭᠤᠯ ᠤᠨ ᠲᠠᠷᠢᠶᠠᠯᠠᠩ ᠤᠨ ᠶᠡᠬᠡ ᠰᠤᠷᠭᠠᠭᠤᠯᠢ ᠶᠢᠨ ᠬᠦᠨᠡᠰᠦᠨ ᠤ ᠳᠡᠭᠡᠳᠤ ᠰᠤᠷᠭᠠᠭᠤᠯᠢ ᠶᠢᠨ ᠫᠷᠤᠹᠧᠰᠰᠤᠷ᠂ ᠳᠤᠮᠳᠠᠳᠤ ᠮᠤᠨᠭᠭᠤᠯ ᠤᠨ ᠠᠮᠢᠳᠤ ᠪᠤᠳᠠᠰ ᠤᠨ ᠳᠡᠭᠡᠳᠤ ᠮᠤᠯᠧᠺᠦ᠋ᠯ ᠤᠨ ᠬᠡᠷᠡᠭᠯᠡᠭᠡᠨ ᠤ ᠰᠤᠳᠤᠯᠭᠠᠨ ᠤ ᠬᠠᠮᠲᠤᠷᠠᠬᠰᠠᠨ ᠯᠠᠪᠤᠷᠠᠲ᠋ᠦᠷᠢ ᠶᠢᠨ ᠡᠷᠬᠢᠯᠡᠭᠴᠢ ᠵᠢᠷᠤᠮᠲᠤ ᠰᠤᠷᠪᠤᠯᠵᠢᠯᠠᠭ᠎ᠠ ᠬᠦᠯᠢᠶᠡᠬᠦ ᠳᠡᠭᠡᠨ ᠶᠡᠷᠢᠯ᠎ᠡ᠃

    ᠤᠶᠢᠯᠠᠭᠠᠬᠰᠠᠨ ᠢᠶᠡᠷ᠂ ᠬᠤᠶᠠᠷ ᠡᠳᠦᠷ ᠤᠨ ᠬᠤᠭᠤᠴᠠᠭ᠎ᠠ ᠲᠠᠢ ᠡᠨᠡᠬᠦ ᠬᠤᠷᠠᠯ ᠳᠤ 189 ᠦᠭᠦᠯᠡᠯ (ᠪᠤᠶᠤ ᠲᠤᠪᠴᠢᠯᠠᠯ)ᠳᠡᠪᠰᠢᠭᠦᠯᠤᠭ᠍ᠳᠡᠨ᠂ 53 ᠰᠤᠳᠤᠯᠤᠭᠠᠴᠢ ᠡᠷᠳᠡᠮ ᠰᠢᠨᠵᠢᠯᠡᠭᠡᠨ ᠤ ᠢᠯᠡᠳᠬᠡᠯ ᠬᠢᠬᠦ ᠶᠤᠮ ᠪᠠᠶᠢᠨ᠎ᠠ᠃

    ᠮᠤᠨᠭᠭᠤᠯ ᠤᠯᠤᠰ ᠤᠨ ᠰᠢᠨᠵᠢᠯᠡᠬᠦ ᠤᠬᠠᠭᠠᠨ ᠲᠧᠭ᠍ᠨᠤᠯᠤᠬᠢ ᠶᠢᠨ ᠶᠡᠬᠡ ᠰᠤᠷᠭᠠᠭᠤᠯᠢ ᠶᠢᠨ ᠦᠢᠯᠡᠳᠪᠦᠷᠢᠯᠡᠯ ᠤᠨ ᠲᠧᠭ᠍ᠨᠤᠯᠤᠬᠢ ᠶᠢᠨ ᠰᠤᠷᠭᠠᠭᠤᠯᠢ ᠶᠢᠨ ᠵᠠᠬᠢᠷᠤᠯ ᠲᠤᠶᠠᠭᠠᠴᠡᠴᠡᠭ᠌ ᠰᠤᠷᠪᠤᠯᠵᠢᠯᠠᠭ᠎ᠠ ᠬᠦᠯᠢᠶᠡᠬᠦ ᠳᠡᠭᠡᠨ᠂ ᠡᠨᠡ ᠤᠳᠠᠭ᠎ᠠ ᠶᠢᠨ ᠠᠶᠢᠯᠠᠴᠢᠯᠠᠯ ᠪᠡᠷ ᠪᠢᠳᠡ ᠢᠯᠡᠳᠬᠡᠯ ᠳᠡᠪᠰᠢᠭᠦᠯᠬᠦ ᠡᠴᠡ ᠭᠠᠳᠠᠨ᠎ᠠ ᠪᠠᠰᠠ ᠳᠠᠷᠠᠭ᠎ᠠ ᠶᠢᠨ ᠭᠤᠷᠪᠠ ᠡᠴᠡ ᠲᠠᠪᠤᠨ ᠵᠢᠯ ᠳᠤ ᠠᠵᠢᠯᠯᠠᠬᠤ ᠲᠦᠰᠦᠯ ᠤᠨ ᠢᠶᠡᠨ ᠬᠡᠯᠡᠯᠴᠡᠭᠦᠯᠭᠡ ᠨᠤᠭᠦᠳ ᠵᠢ ᠬᠢᠵᠦ ᠪᠠᠶᠢᠭ᠎ᠠ᠂ ᠮᠦᠨ ᠢᠩᠭᠡᠨ ᠤ ᠰᠦᠨ ᠪᠦᠲᠦᠭᠡᠭᠳᠡᠭᠦᠨ ᠢ ᠬᠦᠭᠵᠢᠭᠦᠯᠬᠦ᠂ ᠡᠨᠡ ᠲᠠᠯ᠎ᠠ ᠶᠢᠨ ᠪᠦᠲᠦᠭᠡᠭᠳᠡᠭᠦᠨ ᠤ ᠨᠡᠷ᠎ᠡ ᠲᠦᠷᠦᠯ᠂ ᠴᠢᠨᠠᠷ ᠤᠨ ᠦᠵᠡᠭᠦᠯᠦᠯᠲᠡ ᠵᠢ ᠳᠡᠭᠡᠭᠰᠢᠯᠡᠭᠦᠯᠬᠦ ᠴᠢᠭᠯᠡᠯ ᠢᠶᠡᠷ ᠪᠠᠰᠠ ᠬᠠᠮᠲᠤᠷᠠᠬᠰᠠᠨ ᠰᠤᠳᠤᠯᠭ᠎ᠠ ᠬᠢᠬᠦ ᠪᠡᠷ ᠲᠦᠯᠦᠪᠯᠡᠵᠦ ᠪᠠᠶᠢᠨ᠎ᠠ᠃ ᠮᠦᠨ ᠠᠳᠤᠭᠤᠨ ᠤ ᠴᠢᠭᠯᠡᠯ ᠤᠨ ᠰᠤᠳᠤᠯᠭ᠎ᠠ ᠨᠤᠭᠤᠳ ᠢ ᠬᠢᠬᠦ ᠪᠡᠷ ᠪᠠᠰᠠ ᠲᠦᠯᠦᠪᠯᠡᠵᠦ ᠪᠠᠶᠢᠨ᠎ᠠ᠂ ᠠᠳᠤᠭᠤᠨ ᠤ ᠠᠰᠢᠬ ᠰᠢᠮ᠎ᠡ᠂ ᠮᠢᠬ᠎ᠠ ᠪᠤᠯᠤᠨ ᠰᠦᠨ ᠪᠦᠲᠦᠭᠡᠭᠳᠡᠭᠦᠨ ᠤ ᠬᠢᠨᠢ ᠬᠦᠨᠡᠰᠦ ᠲᠡᠵᠢᠭᠡᠯ ᠤᠨ ᠠᠴᠢ ᠬᠤᠯᠪᠤᠬᠳᠠᠯ ᠤᠨ ᠲᠠᠯ᠎ᠠ ᠪᠡᠷ ᠪᠠᠰᠠ ᠬᠠᠮᠲᠤᠷᠠᠬᠰᠠᠨ ᠲᠦᠰᠦᠯ ᠬᠡᠷᠡᠭᠵᠢᠭᠦᠯᠬᠦ ᠪᠡᠷ ᠤᠳᠤ ᠶᠠᠷᠢᠯᠴᠠᠯᠭ᠎ᠠ ᠶᠢᠨ ᠢᠶᠡᠨ ᠱᠠᠲᠤᠨ ᠳᠤ ᠶᠠᠪᠤᠵᠦ ᠪᠠᠶᠢᠨ᠎ᠠ ᠭᠡᠵᠡᠢ᠃

ᠢᠷᠡᠯᠳᠡ᠄ ᠰᠢᠨᠬᠤᠸᠠ ᠮᠤᠨᠭᠭᠤᠯ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠬᠠᠰᠠᠷ ᠬᠢᠭᠡᠳ ᠬᠤᠷᠴᠢᠨ ᠤ ᠲᠡᠦᠬᠡ ᠰᠤᠶᠤᠯ ᠤᠨ ᠡᠷᠲᠡᠮ ᠰᠢᠨᠵᠢᠯᠡᠭᠡᠨ ᠤ ᠬᠤᠷᠠᠯ ᠪᠤᠯᠪᠠ
  • ᠮᠤᠨᠭᠭᠤᠯ ᠤᠯᠤᠰ ᠤᠨ ᠺᠠᠷᠲ᠋ᠤᠨ ᠬᠡᠤᠬᠡᠯᠳᠡᠢ ᠨᠤᠮ《ᠴᠢᠩᠬᠢᠰ ᠬᠠᠭᠠᠨ》ᠮᠤᠨᠭᠭᠤᠯ ᠬᠢᠳᠠᠳ ᠪᠢᠴᠢᠭ᠌ ᠢᠶᠡᠷ ᠬᠡᠪᠯᠡᠭᠳᠡᠨ ᠤᠩᠰᠢᠭᠴᠢᠳ ᠲᠠᠢ ᠵᠤᠯᠭᠠᠯ᠎ᠠ
  • ᠳ᠋ᠤ᠋﹒ᠳᠦᠮᠡᠨᠪᠠᠶᠠᠷ ᠪᠦᠬᠦ ᠤᠯᠤᠰ ᠤᠨ ᠠᠷᠪᠠᠨ ᠨᠡᠷᠡᠳᠦ ᠤᠩᠰᠢᠭᠴᠢ ᠶᠢᠨ ᠨᠢᠭᠡᠨ ᠢᠶᠡᠷ ᠲᠤᠳᠤᠷᠠᠯ᠎ᠠ
关闭
010070230030000000000000011100001119419096