微信打开
蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠡᠨᠡ ᠵᠢᠯ ᠤᠨᠴᠠᠭᠠᠢ ᠪᠠᠶᠢᠷᠢᠨ ᠤ400 ᠪᠠᠭᠰᠢ ᠡᠯᠰᠡᠨ᠎ᠡ

2016-09-14 16:58

    9 ᠰᠠᠷ᠎ᠠ ᠶᠢᠨ 13 ᠤ ᠡᠳᠦᠷ᠂ ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠡᠴᠡ ᠤᠶᠢᠯᠠᠭᠠᠭᠰᠠᠨ ᠢᠶᠡᠷ᠂ 2016 ᠤᠨ ᠳᠦ ᠦᠪᠦᠷ ᠮᠣᠩᠭᠣᠯ ᠤᠷᠤᠨ ᠨᠤᠲᠤᠭ ᠤᠨ ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠤ ᠬᠦᠳᠡᠭᠡ ᠲᠤᠰᠬᠤᠨ ᠮᠠᠯᠵᠢᠬᠤ ᠤᠷᠤᠨ ᠤ ᠪᠠᠭᠰᠢ ᠳᠦ ᠤᠨᠴᠠᠭᠠᠢ ᠠᠵᠢᠯ ᠤᠨ ᠪᠠᠶᠢᠷᠢ ᠲᠤᠬᠢᠷᠠᠭᠤᠯᠬᠤ ᠲᠦᠯᠦᠪᠯᠡᠭᠡ ᠶᠢ ᠬᠡᠷᠡᠭᠵᠢᠭᠦᠯᠬᠦ ᠪᠡᠷ ᠪᠤᠯᠵᠦ᠂ ᠪᠦᠰᠡ ᠨᠤᠲᠤᠭ ᠤᠨ ᠤᠨᠴᠠᠭᠠᠢ ᠪᠠᠶᠢᠷᠢᠨ ᠤ 400 ᠪᠠᠭᠰᠢ ᠡᠯᠰᠡᠬᠦ ᠪᠡᠷ ᠪᠠᠶᠢᠨ᠎ᠠ᠃ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠡᠴᠡ ᠬᠦᠮᠦᠨ ᠪᠦᠷᠢ ᠳᠦ ᠵᠢᠯ ᠳᠤ 3.1 ᠲᠦᠮᠡᠨ ᠲᠦᠬᠦᠷᠢᠭ᠌ ᠤᠨ ᠴᠠᠯᠢᠩ ᠬᠦᠯᠦᠰᠤ ᠤᠯᠭᠤᠵᠤ᠂ ᠪᠤᠰᠤᠳ ᠨᠦᠬᠦᠪᠦᠷᠢ ᠬᠠᠷᠠᠮᠵᠢ ᠶᠢ ᠳᠤᠬᠠᠢ ᠶᠢᠨ ᠤᠷᠤᠨ ᠨᠤᠲᠤᠭ ᠡᠴᠡ ᠪᠠᠶᠢᠳᠠᠯ ᠢᠶᠡᠨ ᠦᠨᠳᠦᠰᠦᠯᠡᠨ ᠤᠯᠭᠤᠬᠤ ᠪᠡᠷ ᠳᠤᠭᠳᠠᠪᠠ᠃

    ᠤᠶᠢᠯᠠᠭᠠᠭᠰᠠᠨ ᠢᠶᠡᠷ᠂ ᠬᠦᠳᠡᠭᠡ ᠤᠷᠤᠨ ᠨᠤᠳᠤᠭ ᠤᠨ ᠪᠠᠭᠰᠢ ᠶᠢᠨ ᠡᠩᠨᠡᠭᠡ ᠶᠢ ᠠᠯᠬᠤᠮ ᠰᠢᠯᠢᠳᠡᠭᠵᠢᠭᠦᠯᠬᠦ ᠶᠢᠨ ᠲᠦᠯᠦᠭᠡ᠂ ᠦᠪᠦᠷ ᠮᠣᠩᠭᠣᠯ ᠡᠨᠡ ᠵᠢᠯ ᠤᠯᠤᠰ ᠳᠠᠶᠠᠭᠠᠷ ᠤᠨ ᠤᠨᠴᠠᠭᠠᠢ ᠪᠠᠶᠢᠷᠢᠨ ᠤ ᠪᠠᠭᠰᠢ ᠶᠢᠨ ᠲᠦᠯᠦᠪᠯᠡᠭᠡ ᠪᠡᠨ ᠦᠷᠭᠦᠯᠵᠢᠯᠡᠨ ᠬᠡᠷᠡᠭᠵᠢᠭᠦᠯᠦᠭᠰᠡᠨ ᠰᠠᠭᠤᠷᠢᠨ ᠳᠤ᠂ ᠤᠯᠤᠰ ᠪᠤᠯᠤᠨ ᠦᠪᠡᠷᠲᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠯᠲᠡ ᠬᠢᠬᠦ ᠠᠵᠢᠯ ᠤᠨ 57 ᠭᠤᠤᠯ ᠬᠤᠰᠢᠭᠤ ᠰᠢᠶᠠᠨ (ᠬᠤᠳᠠ᠂ ᠳᠤᠭᠤᠷᠢᠭ) ᠳᠦ ᠪᠦᠰᠡ ᠨᠤᠲᠤᠭ ᠤᠨ ᠤᠨᠴᠠᠭᠠᠢ ᠪᠠᠶᠢᠷᠢᠨ ᠤ ᠪᠠᠭᠰᠢ ᠡᠯᠰᠡᠬᠦ ᠲᠦᠯᠦᠪᠯᠡᠭᠡ ᠶᠢ ᠬᠡᠷᠡᠭᠵᠢᠭᠦᠯᠤᠨ᠎ᠡ᠃ ᠡᠯᠰᠡᠭᠳᠡᠭᠰᠡᠨ ᠪᠠᠭᠰᠢ ᠬᠤᠰᠢᠭᠤ ᠰᠢᠶᠠᠨ ᠤ ᠱᠠᠳᠤᠨ ᠡᠴᠡ ᠲᠤᠷᠤᠭᠰᠢᠬᠢ ᠬᠦᠳᠡᠭᠡ ᠤᠷᠤᠨ ᠨᠤᠲᠤᠭ ᠤᠨ ᠰᠤᠷᠭᠠᠭᠤᠯᠢ ᠳᠦ ᠪᠠᠭᠰᠢᠯᠠᠨ᠎ᠠ᠃ (ᠳᠠᠳᠤᠯᠭ᠎ᠠ ᠶᠢᠨ ᠰᠤᠷᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠣᠩᠭ᠋ᠤᠯ ᠤᠨ ᠬᠠᠮᠪᠤ ᠶᠢᠨ ᠡᠷᠳᠡᠨ ᠤ ᠪᠠᠭᠤᠷᠢ ᠶᠢᠨ ᠴᠡᠴᠡᠷᠯᠢᠭ᠌ ᠨᠡᠬᠡᠬᠡᠯᠳᠡ ᠪᠠᠨ ᠬᠢᠯ᠎ᠠ
  • ᠪᠠᠷ ᠵᠢᠷᠤᠭ  ᠶᠢᠡᠷ ᠶᠢᠡᠨ ᠪᠠᠬᠠᠷᠬᠠᠵᠤ ᠶᠠᠪᠤᠭ᠎ᠠ ᠥᠲᠡᠭᠦᠰ
  • ᠬᠠᠰᠠᠷ ᠬᠢᠭᠡᠳ ᠬᠤᠷᠴᠢᠨ ᠤ ᠲᠡᠦᠬᠡ ᠰᠤᠶᠤᠯ ᠤᠨ ᠡᠷᠲᠡᠮ ᠰᠢᠨᠵᠢᠯᠡᠭᠡᠨ ᠤ ᠬᠤᠷᠠᠯ ᠪᠤᠯᠪᠠ
  • ᠮᠤᠨᠭᠭᠤᠯ ᠤᠯᠤᠰ ᠤᠨ ᠺᠠᠷᠲ᠋ᠤᠨ ᠬᠡᠤᠬᠡᠯᠳᠡᠢ ᠨᠤᠮ《ᠴᠢᠩᠬᠢᠰ ᠬᠠᠭᠠᠨ》ᠮᠤᠨᠭᠭᠤᠯ ᠬᠢᠳᠠᠳ ᠪᠢᠴᠢᠭ᠌ ᠢᠶᠡᠷ ᠬᠡᠪᠯᠡᠭᠳᠡᠨ ᠤᠩᠰᠢᠭᠴᠢᠳ ᠲᠠᠢ ᠵᠤᠯᠭᠠᠯ᠎ᠠ
关闭
010070230030000000000000011120691119566833