微信打开
蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ ᠤᠨ ᠭᠠᠳᠠᠭᠠᠳᠤ ᠳᠡᠬᠢ ᠬᠦᠷᠦᠩᠭᠡ ᠤᠷᠤᠭᠤᠯᠤᠯᠲᠠ ᠳᠡᠯᠡᠬᠡᠢ ᠳᠤ ᠬᠤᠶᠠᠳᠤᠭᠠᠷ ᠲᠤ ᠪᠠᠶᠢᠷᠢᠯᠠᠪᠠ

2016-09-23 11:22

    22 ᠤ᠋ᠨ ᠡᠳᠦᠷ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠤᠯᠤᠰ ᠤᠨ ᠲᠤᠭ᠎ᠠ ᠪᠦᠷᠢᠳᠬᠡᠯ ᠤᠨ ᠲᠤᠪᠴᠢᠶ᠎ᠠ᠂ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠤᠪᠴᠢᠶ᠎ᠠ ᠶᠢᠨ ᠬᠠᠮᠲᠤᠷᠠᠨ ᠨᠡᠶᠢᠲᠡᠯᠡᠭᠰᠡᠨ《2015 ᠤᠨ ᠤ ᠳᠤᠮᠳᠠᠳᠤ ᠤᠯᠤᠰ ᠤᠨ ᠭᠠᠳᠠᠭᠠᠳᠤ ᠳᠡᠬᠢ ᠰᠢᠭᠤᠳ ᠬᠦᠷᠦᠩᠭᠡ ᠤᠷᠤᠭᠤᠯᠤᠯᠲᠠ ᠶᠢᠨ ᠪᠦᠷᠢᠳᠬᠡᠯ》 ᠡᠴᠡ ᠳᠤᠲᠤᠷᠠᠭᠤᠯᠪᠠᠯ᠂ 2015 ᠤᠨ ᠳᠤ ᠳᠤᠮᠳᠠᠳᠤ ᠤᠯᠤᠰ ᠤᠨ ᠭᠠᠳᠠᠭᠠᠳᠤ ᠳᠡᠬᠢ ᠰᠢᠭᠤᠳ ᠬᠦᠷᠦᠩᠭᠡ ᠤᠷᠤᠭᠤᠯᠤᠯᠲᠠ ᠶᠢᠨ ᠴᠡᠪᠡᠷ ᠭᠠᠷᠭᠠᠯᠳᠠ 1456.7 ᠳ᠋ᠦ᠋ᠩᠰᠢᠭᠤᠷ ᠲᠦᠭᠦᠷᠢᠭ᠌ ᠬᠦᠷᠴᠦ᠂ ᠲᠡᠦᠬᠡ ᠶᠢᠨ ᠰᠢᠨ᠎ᠡ ᠳᠡᠮᠳᠡᠭᠯᠡᠯ ᠢ ᠡᠭᠦᠳᠴᠦ᠂ ᠠᠨᠭᠬ᠎ᠠ ᠤᠳᠠᠭ᠎ᠠ FDI ᠵᠢ ᠳᠠᠪᠠᠭᠠᠳ ᠬᠦᠷᠦᠩᠭᠡ ᠶᠢᠨ ᠭᠠᠷᠭᠠᠯᠲᠠ ᠨᠢ ᠤᠷᠤᠭᠤᠯᠤᠯᠲᠠ ᠪᠠᠨ ᠳᠠᠪᠠᠬᠰᠠ ᠤᠯᠤᠰ ᠪᠤᠯᠵᠠᠢ᠃ ᠡᠭᠦᠨ ᠤ ᠵᠡᠷᠭᠡᠪᠡᠷ ᠬᠦᠷᠦᠩᠭᠡ ᠶᠢᠨ ᠴᠡᠪᠡᠷ ᠭᠠᠷᠭᠠᠯᠳᠠ ᠨᠢ ᠠᠮᠸᠷᠢᠺᠠ ᠶᠢᠨ ᠳᠠᠷᠠᠭ᠎ᠠ ᠯᠠ ᠵᠢᠬᠰᠠᠵᠦ᠂ ᠭᠠᠳᠠᠭᠠᠳᠤ ᠳᠡᠬᠢ ᠬᠦᠷᠦᠩᠭᠡ ᠤᠷᠤᠭᠤᠯᠤᠯᠲᠠ ᠪᠡᠷ ᠳᠡᠯᠡᠬᠡᠢ ᠳᠤ ᠬᠤᠶᠠᠳᠤᠭᠠᠷ ᠲᠤ ᠪᠠᠶᠢᠷᠢᠯᠠᠵᠠᠢ᠃

    ᠠᠨᠭᠬᠠᠷᠤᠭᠠᠰᠢᠲᠠᠢ ᠨᠢ᠂ ᠺᠤᠮᠫᠠᠨᠢ ᠬᠤᠳᠠᠯᠳᠤᠨ ᠠᠪᠴᠤ ᠨᠢᠭᠡᠳᠬᠡᠬᠦ ᠨᠢ ᠳᠤᠮᠳᠠᠳᠤ ᠤᠯᠤᠰ ᠤᠨ ᠠᠵᠦ ᠠᠬᠤᠶᠢᠯᠠᠯ ᠤᠨ ᠭᠠᠳᠠᠭᠠᠳᠤ ᠳᠡᠬᠢ ᠬᠦᠷᠦᠩᠭᠡ ᠤᠷᠤᠭᠤᠯᠤᠯᠲᠠ ᠶᠢᠨ ᠭᠤᠤᠯ ᠬᠡᠯᠪᠡᠷᠢ ᠪᠤᠯᠵᠦ ᠪᠤᠢ᠃ 1-8 ᠰᠠᠷ᠎ᠠ ᠳᠤ᠂ ᠳᠤᠮᠳᠠᠳᠤ ᠤᠯᠤᠰ ᠤᠨ ᠠᠵᠦ ᠠᠬᠤᠶᠢᠯᠠᠯ ᠤᠨ ᠭᠠᠳᠠᠭᠠᠳᠤ ᠳᠤ ᠺᠤᠮᠫᠠᠨᠢ ᠬᠤᠳᠠᠯᠳᠤᠨ ᠠᠪᠴᠤ ᠨᠢᠭᠡᠳᠬᠡᠭ᠍ᠰᠡᠨ ᠪᠤᠳᠠᠲᠠᠢ ᠰᠤᠯᠢᠯᠴᠠᠭᠠᠨ ᠤ ᠦᠷᠲᠡᠭ 617 ᠳ᠋ᠦ᠋ᠩᠰᠢᠭᠤᠷ ᠲᠦᠭᠦᠷᠢᠭ᠌ ᠬᠦᠷᠴᠦ᠂ ᠦᠩᠭᠡᠷᠡᠭᠰᠡᠨ ᠤᠨ ᠤ ᠵᠢᠯ ᠲᠤᠷᠰᠢᠬᠢ ᠬᠤᠳᠠᠯᠳᠤᠨ ᠠᠪᠴᠤ ᠨᠡᠶᠢᠯᠡᠭᠦᠯᠦᠭᠰᠡᠨ ᠬᠡᠮᠵᠢᠶᠡᠨ ᠤ ᠨᠡᠶᠢᠯᠡᠪᠦᠷᠢ ᠡᠴᠡ ᠳᠠᠪᠠᠵᠠᠢ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
  • ᠦᠪᠦᠷ ᠮᠣᠩᠭ᠋ᠤᠯ ᠤᠨ ᠬᠠᠮᠪᠤ ᠶᠢᠨ ᠡᠷᠳᠡᠨ ᠤ ᠪᠠᠭᠤᠷᠢ ᠶᠢᠨ ᠴᠡᠴᠡᠷᠯᠢᠭ᠌ ᠨᠡᠬᠡᠬᠡᠯᠳᠡ ᠪᠠᠨ ᠬᠢᠯ᠎ᠠ
  • ᠪᠠᠷ ᠵᠢᠷᠤᠭ  ᠶᠢᠡᠷ ᠶᠢᠡᠨ ᠪᠠᠬᠠᠷᠬᠠᠵᠤ ᠶᠠᠪᠤᠭ᠎ᠠ ᠥᠲᠡᠭᠦᠰ
关闭
010070230030000000000000011100001119612716