ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠬᠦᠢᠲᠡᠨ ᠤᠷᠤᠰᠬᠠᠯ ᠤᠨ ᠬᠦᠬᠡ ᠰᠡᠷᠡᠮᠵᠢ ᠶᠢᠨ ᠲᠤᠬᠢᠶ᠎ᠠ ᠨᠡᠶᠢᠳᠡᠯᠡᠪᠡ 2016-10-20 11:11

    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶ᠎ᠠ 2016 ᠤᠨ ᠤ 10 ᠰᠠᠷ᠎ᠠ ᠶᠢᠨ 20  ᠤ ᠡᠳᠤᠷ ᠬᠦᠢᠲᠡᠨ ᠤᠷᠤᠰᠬᠠᠯ ᠤᠨ ᠬᠦᠬᠡ ᠰᠡᠷᠡᠮᠵᠢ ᠶᠢᠨ ᠲᠤᠬᠢᠶ᠎ᠠ ᠨᠡᠶᠢᠳᠡᠯᠡᠪᠠ᠃ ᠤᠷᠢᠳᠴᠢᠯᠠᠨ ᠲᠤᠭᠠᠴᠠᠭᠠᠯᠠᠭᠰᠠᠨ ᠢᠶᠡᠷ᠂ 10 ᠰᠠᠷ᠎ᠠ ᠶᠢᠨ 20 ᠤ ᠡᠳᠤᠷ ᠡᠴᠡ 22 ᠤᠨ ᠡᠳᠤᠷ ᠪᠤᠯᠳᠠᠯ᠎ᠠ ᠪᠠᠶᠠᠨᠨᠠᠭᠤᠷ ᠬᠤᠳᠠ ᠶᠢᠨ ᠶᠡᠬᠡᠩᠬᠢ ᠬᠡᠰᠡᠭ᠂ ᠦᠬᠠᠢ ᠬᠤᠳᠠ᠂ ᠤᠷᠳᠤᠰ ᠬᠤᠳᠠ ᠶᠢᠨ ᠪᠠᠷᠠᠭᠤᠨ ᠬᠡᠰᠡᠭ ᠪᠤᠯᠤᠨ ᠤᠮᠠᠷᠠᠳᠤ ᠬᠡᠰᠡᠭ᠂ ᠪᠤᠭᠤᠳᠤ ᠬᠤᠳᠠ᠂ ᠬᠦᠬᠡᠬᠤᠳᠠ ᠶᠢᠨ ᠬᠤᠶᠢᠳᠤ ᠬᠡᠰᠡᠭ᠂ ᠤᠯᠠᠭᠠᠨᠴᠠᠪ ᠬᠤᠳᠠ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠬᠡᠰᠡᠭ ᠤᠨ ᠠᠭᠠᠷ ᠤᠨ ᠲᠤᠯᠠᠭᠠᠨ 8℃ᠢᠯᠡᠬᠦᠦ ᠪᠠᠭᠤᠷᠠᠵᠦ᠂ ᠰᠠᠯᠬᠢᠨ ᠤ ᠬᠦᠴᠦ 5 ᠲᠡᠰ ᠡᠴᠡ ᠲᠡᠭᠡᠭ᠍ᠰᠢ ᠬᠦᠷᠬᠦ ᠪᠦᠭᠡᠳ ᠦᠷᠬᠦᠯᠵᠢᠯᠡᠵᠦ ᠮᠡᠳᠡᠨ᠎ᠠ᠃

    ᠲᠤᠬᠠᠢ ᠵᠢᠨ ᠭᠠᠵᠠᠷ ᠤᠨ ᠵᠠᠰᠠᠭ ᠤᠨ ᠤᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠬᠦᠢᠲᠡᠨ ᠤᠷᠤᠰᠬᠠᠯ ᠤᠨ ᠬᠦᠨᠦᠬᠡᠯ ᠡᠴᠡ ᠰᠡᠷᠬᠡᠶᠢᠯᠡᠬᠦ᠂ ᠰᠠᠯᠬᠢᠨ ᠡᠴᠡ ᠬᠠᠮᠠᠭᠠᠯᠠᠬᠤ ᠪᠡᠯᠡᠳᠬᠡᠯ ᠠᠵᠢᠯ ᠢᠶᠡᠨ ᠰᠠᠶᠢᠳᠤᠷ ᠬᠢᠬᠦ ᠬᠡᠷᠡᠭᠲᠡᠢ᠂ ᠠᠷᠠᠳ ᠢᠷᠭᠡᠳ ᠭᠠᠷᠴᠤ ᠤᠷᠤᠬᠤ ᠳᠤ ᠪᠠᠨ ᠬᠤᠪᠴᠠᠰᠤ ᠬᠤᠨᠠᠷ ᠢᠶᠡᠨ ᠵᠤᠵᠠᠭᠠᠯᠠᠵᠤ᠂ ᠰᠡᠷᠭᠡᠢᠢᠯᠡᠬᠦ ᠠᠵᠢᠯ ᠶᠢᠡᠨ ᠰᠠᠢᠢᠨ ᠬᠢᠬᠡᠷᠡᠢ ᠬᠡᠵᠤ ᠴᠠᠬ ᠠᠭᠠᠷ ᠤᠨ ᠰᠠᠯᠠᠭ᠎ᠠ ᠮᠦᠴᠢᠷ ᠡᠴᠡ ᠰᠠᠨᠠᠭᠤᠯᠵᠤ ᠪᠠᠶᠢᠨ᠎ᠠ᠃

ᠢᠷᠡᠯᠳᠡ᠄ ᠲᠤᠮᠳᠠᠳᠤ ᠤᠯᠤᠰ ᠤᠨ ᠴᠠᠭ ᠠᠭᠤᠷ ᠤᠨ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
010070230030000000000000011120691119755263