ᠪᠡᠬᠡᠵᠢᠩ ᠤᠨ ᠨᠠᠭᠠᠳᠤᠮ ᠤᠨ ᠪᠦᠬᠡ ᠶᠢᠨ ᠪᠠᠷᠢᠯᠳᠤᠭᠠᠨ ᠳᠤ ᠠᠪᠤᠷᠭᠤ ᠪᠠᠶᠠᠷᠪᠠᠭᠠᠲᠤᠷ ᠲᠡᠷᠢᠬᠦᠯᠡᠯ᠎ᠠ 2016-10-22 20:40

  

    ᠰᠢᠨᠬᠣᠧᠠ ᠮᠣᠩᠭᠣᠯ ᠨᠧᠲ   ᠪᠡᠭᠡᠵᠢᠩ ᠤᠨ 10 ᠰᠠᠷ᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ (ᠰᠠᠷᠠᠨᠲᠤᠶᠠᠭ᠎ᠠ᠂ ᠬ·ᠦᠵᠡᠰᠭᠦᠯᠡᠩ᠂ ᠰᠤᠷᠤᠶ᠎ᠠ᠂ ᠬᠡᠤᠬᠡᠨᠰᠣᠯᠢ) 36 ᠳ᠋ᠤᠭᠠᠷ ᠬᠤᠭᠤᠴᠠᠭᠠᠨ ᠤ ᠪᠡᠭᠡᠵᠢᠩ ᠤᠨ ᠨᠠᠭᠠᠲᠤᠮ ᠤᠨ ᠪᠦᠬᠡ ᠶᠢᠨ ᠪᠠᠷᠢᠯᠳᠤᠭᠠᠨ ᠳᠤ ᠠᠪᠤᠷᠭᠤ ᠪᠠᠶᠠᠷᠪᠠᠭᠠᠲᠤᠷ ᠲᠡᠷᠢᠬᠦᠯᠡᠯ᠎ᠠ᠃

    ᠲᠤᠰ ᠤᠳᠠᠭᠠᠨ ᠤ ᠪᠡᠭᠡᠵᠢᠩ ᠤᠨ ᠨᠠᠭᠠᠳᠤᠮ ᠤᠨ ᠪᠦᠬᠡ ᠶᠢᠨ ᠪᠠᠷᠢᠯᠳᠤᠭᠠᠨ ᠳᠤ 128 ᠬᠦᠴᠦᠲᠤ ᠪᠦᠬᠡ ᠵᠣᠳᠤᠭᠯᠠᠵᠤ᠂ ᠡᠴᠤᠰ ᠲᠤ ᠨᠢ ᠦᠪᠦᠷ ᠮᠤᠩᠭᠤᠯ ᠤᠨ ᠵᠡᠭᠦᠨ ᠦᠵᠤᠮᠦᠴᠢᠨ ᠬᠤᠰᠢᠭᠤ ᠪᠡᠷ ᠨᠤᠲᠤᠭ ᠲᠠᠢ ᠠᠪᠤᠷᠭᠤ ᠪᠠᠶᠠᠷᠪᠠᠭᠠᠲᠤᠷ ᠦᠪᠦᠷ ᠮᠤᠩᠭᠤᠯ ᠤᠨ ᠪᠠᠭᠠᠷᠢᠨ ᠪᠠᠷᠠᠭᠤᠨ ᠬᠤᠰᠢᠭᠤ ᠪᠡᠷ ᠨᠤᠲᠤᠭ ᠲᠠᠢ ᠠᠶᠢᠮᠠᠭ ᠤᠨ ᠭᠠᠷᠤᠳᠢ ᠬᠡᠬᠡᠷᠡᠬᠦ ᠪᠡᠷ ᠳᠠᠪᠠᠵᠤ ᠲᠡᠷᠢᠬᠦᠯᠡᠯ᠎ᠡ᠃ ᠡᠭᠦᠨ ᠲᠠᠢ ᠵᠡᠷᠭᠡᠪᠡᠷ ᠵᠣᠬᠢᠶᠠᠨ ᠪᠠᠶᠢᠭᠤᠯᠤᠭᠳᠠᠭᠰᠠᠨ ᠰᠤᠷ ᠬᠠᠷᠪᠤᠯᠲᠠ ᠶᠢᠨ ᠲᠡᠮᠡᠴᠡᠭᠡᠨ ᠳᠤ ᠵᠡᠭᠦᠨ ᠦᠪᠦᠷ ᠮᠤᠩᠭᠤᠯ ᠤᠨ ᠦᠵᠤᠮᠦᠴᠢᠨ ᠬᠤᠰᠢᠭᠤᠨ ᠤ ᠰᠡᠴᠡᠨᠪᠢᠯᠢᠭ᠌ ᠲᠡᠷᠢᠭᠦᠯᠡᠵᠤ᠂ ᠦᠪᠦᠷ ᠮᠤᠩᠭᠤᠯ ᠤᠨ ᠠᠪᠠᠭ᠎ᠠ ᠬᠤᠰᠢᠭᠤᠨ ᠤ ᠷᠢᠨᠴᠢᠨᠳᠤᠷᠵᠢ ᠳᠡᠳ᠋ᠯᠡᠵᠡᠢ᠃

    ᠲᠡᠶᠢᠨᠬᠦ ᠪᠦᠲᠦᠨ ᠡᠳᠦᠷ ᠦᠷᠭᠦᠯᠵᠢᠯᠡᠭᠰᠡᠨ 36 ᠳ᠋ᠤᠭᠠᠷ ᠬᠤᠭᠤᠴᠠᠭᠠᠨ ᠤ ᠪᠡᠭᠡᠵᠢᠩ ᠤᠨ ᠨᠠᠭᠠᠲᠤᠮ ᠤᠳᠤᠮᠳᠤ ᠮᠤᠩᠭᠤᠯ ᠤᠨ ᠤᠯᠠᠮᠵᠢᠯᠠᠯᠳᠤ ᠤᠷᠤᠯᠳᠤᠭᠠᠨ ᠳᠡᠮᠡᠴᠡᠬᠡᠨ ᠢᠶᠡᠷ ᠢᠶᠡᠨ ᠨᠠᠭᠠᠮᠳᠤᠴᠢᠨ ᠤᠯᠠᠨ ᠤ ᠪᠡᠨ ᠬᠡᠶᠢᠮᠦᠷᠢ ᠶᠢ ᠰᠡᠷᠬᠦᠬᠡᠵᠤ ᠠᠮᠵᠢᠯᠲᠠ ᠲᠡᠭᠦᠰ ᠦᠨᠳᠤᠷᠯᠠᠯ᠎ᠠ᠃

ᠢᠷᠡᠯᠳᠡ᠄ ᠰᠢᠨᠬᠣᠧᠠ ᠮᠣᠩᠭᠣᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
010070230030000000000000011120691119768426