蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ ᠤᠲᠤᠬᠠᠨ ᠳ᠋ᠤ ᠭᠠᠵᠠᠷ ᠨᠤᠲᠤᠭ ᠤᠨ ᠦᠮᠴᠢᠯᠡᠯ ᠤᠨ ᠡᠷᠬᠡ ᠶᠢ ᠲᠤᠭᠲᠠᠭᠠᠬᠤ ᠪᠤᠯ ᠬᠦᠲᠡᠭᠡ ᠠᠵᠤ ᠠᠬᠤᠢ ᠶᠢᠨ ᠠᠵᠢᠯ ᠤᠨ ᠭᠤᠤᠯᠲᠠᠯᠭ᠎ᠠ ᠪᠤᠯᠤᠨ᠎ᠠ

2016-10-26 08:39

    ᠰᠡᠭᠦᠯ ᠤᠨ ᠦᠶ᠎ᠠ ᠳ᠋ᠤ ᠰᠤᠷᠪᠤᠯᠵᠢᠯᠠᠭᠴᠢ ᠶᠢᠨ ᠤᠢᠢᠯᠠᠭᠠᠭᠰᠠᠨ ᠶᠢᠡᠷ᠂ ᠦᠪᠦᠷ ᠮᠤᠩᠭ᠋ᠤᠯ ᠤᠲᠤᠬᠠᠨ ᠳ᠋ᠤ ᠭᠠᠵᠠᠷ ᠨᠤᠲᠤᠭ ᠤᠨ ᠦᠮᠴᠢᠯᠡᠯ ᠤᠨ ᠡᠷᠬᠡ ᠶᠢ ᠲᠤᠭᠲᠠᠭᠠᠬᠤ  ᠶᠢ ᠬᠦᠲᠡᠭᠡ ᠠᠵᠤ ᠠᠬᠤᠢ ᠶᠢᠨ ᠠᠵᠢᠯ ᠤᠨ ᠭᠤᠤᠯᠲᠠᠯᠭ᠎ᠠ ᠪᠤᠯᠭᠠᠪᠠ᠃

    ᠦᠪᠦᠷ ᠮᠤᠩᠭ᠋ᠤᠯ 2014 ᠤᠨ ᠡᠴᠡ ᠡᠬᠢᠯᠡᠨ ᠪᠦᠬᠦ ᠤᠷᠤᠨ ᠤ 12 ᠬᠤᠰᠢᠭᠤ ᠰᠢᠶᠠᠨ ᠳ᠋ᠤ ᠬᠦᠲᠡᠭᠡ ᠲᠤᠰᠬᠤᠨ ᠤ ᠭᠠᠵᠠᠷ ᠲᠠᠷᠢᠶ᠎ᠠ ᠶᠢ ᠲᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠡᠮᠲᠡᠭᠯᠡᠵᠦ ᠭᠡᠷᠡᠴᠢ ᠤᠯᠭᠤᠬᠤ ᠲᠤᠷᠰᠢᠯᠲᠠ ᠶᠢᠨ ᠴᠡᠭ ᠤᠨ ᠠᠵᠢᠯ ᠪᠠ 10 ᠬᠤᠰᠢᠭᠤᠨ ᠳ᠋ᠤ ᠲᠠᠯ᠎ᠠ ᠨᠤᠲᠤᠭ ᠤᠨ ᠦᠮᠴᠢᠯᠡᠯ ᠤᠨ ᠡᠷᠬᠡ ᠲᠠᠭᠠᠭᠠᠴᠢᠯᠠᠯᠲᠠ ᠶᠢᠨ ᠲᠤᠷᠰᠢᠯᠲᠠ ᠶᠢᠨ ᠴᠠᠭ᠌ ᠤᠨ ᠠᠵᠢᠯ ᠢ ᠦᠷᠨᠢᠬᠦᠯᠵᠦ᠂ ᠤᠲᠤᠬᠠᠨ ᠪᠤᠯᠬᠤ ᠳ᠋ᠤ ᠭᠠᠵᠠᠷ ᠨᠤᠲᠤᠭ ᠤᠨ ᠦᠮᠴᠢᠯᠡᠯ ᠤᠨ ᠡᠷᠬᠡ ᠶᠢ ᠲᠤᠭᠲᠠᠭᠠᠬᠤ ᠠᠵᠢᠯ ᠢ ᠦᠨᠳᠦᠰᠦᠨ ᠳ᠋ᠡᠭᠡᠨ ᠲᠠᠭᠤᠰᠬᠠᠪᠠ᠃

    ᠭᠠᠵᠠᠷ ᠨᠤᠲᠤᠭ ᠤᠨ ᠦᠮᠴᠢᠯᠡᠯ ᠤᠨ ᠡᠷᠬᠡ ᠶᠢ ᠲᠤᠭᠲᠠᠭᠠᠬᠤ ᠨᠢ ᠨᠠᠮ ᠤᠨ ᠲᠦᠪ ᠬᠤᠷᠢᠶᠠᠨ ᠤ ᠰᠢᠢᠳᠪᠦᠷᠢ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ ᠠ ᠵᠠᠰᠠᠭ ᠤᠨ ᠤᠷᠲᠤᠨ ᠤ ᠪᠠᠢᠢᠷᠢᠯᠠᠭᠤᠯᠤᠯᠲᠠ ᠶᠢᠨ ᠲᠠᠭᠠᠤ ᠬᠦᠲᠡᠭᠡ ᠲᠤᠰᠬᠤᠨ ᠮᠠᠯᠵᠢᠬᠤ ᠤᠷᠤᠨ ᠤ ᠦᠭᠡᠷᠡᠴᠢᠯᠡᠯᠲᠡ ᠶᠢ ᠪᠦᠬᠦ ᠲᠠᠯ᠎ᠠ ᠪᠡᠷ ᠭᠦᠨᠵᠡᠭᠡᠢᠢᠷᠡᠬᠦᠯᠬᠦ ᠰᠠᠭᠤᠷᠢ ᠢᠨᠵᠧᠨ᠋᠌ᠧᠷᠢᠩ᠂ ᠬᠦᠲᠡᠭᠡ ᠲᠤᠰᠬᠤᠨ ᠮᠠᠯᠵᠢᠬᠤ ᠤᠷᠤᠨ ᠤ ᠦᠨᠳᠦᠰᠦᠨ ᠡᠵᠡᠩᠨᠡᠯᠲᠡ ᠶᠢᠨ ᠲᠦᠷᠢᠮ ᠢ ᠪᠡᠬᠢᠵᠢᠬᠦᠯᠬᠦ ᠪᠠ ᠲᠡᠭᠦᠯᠲᠡᠷᠵᠢᠬᠦᠯᠬᠦ ᠶᠢᠨ ᠪᠠᠳᠤᠯᠠᠭ᠎ᠠ᠂ ᠤᠲᠤᠬᠢᠴᠢᠯᠠᠭᠰᠠᠨ ᠬᠦᠲᠡᠭᠡ ᠠᠵᠤ ᠠᠬᠤᠢ ᠶᠢᠨ ᠬᠦᠭ᠍ᠵᠢᠯᠲᠠ ᠶᠢ ᠠᠬᠢᠭᠤᠯᠬᠤ ᠶᠢᠨ ᠵᠠᠩᠭᠢᠯᠠᠭ᠎ᠠ ᠪᠤᠯᠤᠨ᠎ᠠ᠃ ᠡᠨᠡᠬᠦ ᠠᠵᠢᠯ ᠢ 2017 ᠤᠨ ᠤ ᠵᠢᠯ ᠤᠨ ᠡᠴᠦᠰ ᠶᠢᠡᠷ ᠦᠨᠳᠦᠰᠦᠨ ᠳ᠋ᠡᠭᠡᠨ ᠲᠠᠭᠤᠰᠬᠠᠨ᠎ᠠ᠃ ᠪᠦᠬᠦ ᠤᠷᠤᠨ ᠤ 10.4 ᠳ᠋ᠦᠩᠰᠢᠭᠤᠷ ᠮᠦ ᠨᠤᠲᠤᠭ ᠤᠨ ᠦᠮᠴᠢᠯᠡᠬᠦ ᠡᠷᠬᠡ ᠶᠢ ᠲᠤᠭᠲᠠᠭᠠᠵᠤ᠂ ᠤᠲᠤᠬᠠᠨ ᠳ᠋ᠤ 2.6 ᠳ᠋ᠦᠩᠰᠢᠭᠤᠷ ᠭᠠᠷᠤᠢ ᠮᠦ ᠶᠢ ᠨᠢ ᠲᠤᠭᠲᠠᠭᠠᠪᠠ᠃ 2018 ᠤᠨ ᠤ 6 ᠰᠠᠷ᠎ᠠ ᠪᠤᠯᠲᠠᠯ᠎ᠠ᠂ ᠪᠦᠬᠦ ᠤᠷᠤᠨ ᠤ 1.38 ᠳ᠋ᠦᠩᠰᠢᠭᠤᠷ ᠮᠦ ᠭᠠᠵᠠᠷ ᠲᠠᠷᠢᠶ᠎ᠠ ᠶᠢ ᠲᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠡᠮᠲᠡᠭᠯᠡᠵᠦ ᠭᠡᠷᠡᠴᠢ ᠤᠯᠭᠤᠨ᠎ᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119787803