蒙古文网站Logo
ᠰᠢᠨᠬᠤᠸᠠ ᠮᠤᠩᠭ᠋ᠤᠯ ᠨᠧᠲ

ᠪᠠᠶᠢᠭᠠᠯᠢ ᠤᠷᠴᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠬᠦᠴᠦᠯᠡᠴᠡ ᠪᠠᠨ ᠴᠢᠨᠭᠭᠠᠳᠬᠠᠵᠦ ᠪᠤᠢ

2016-11-03 11:19

    ᠳᠤᠮᠳᠠᠳᠤ ᠤᠯᠤᠰ ᠤᠨ ᠪᠠᠶᠢᠭᠠᠯᠢ ᠤᠷᠴᠢᠨ ᠤ ᠬᠠᠮᠠᠭᠠᠯᠠᠯᠲᠠ ᠶᠢᠨ ᠶᠠᠮᠤᠨ 2 ᠤ᠋ᠨ ᠡᠳᠦᠷ ᠡᠯ᠎ᠡ ᠤᠷᠤᠨ ᠨᠤᠲᠤᠬ ᠤᠨ 2016 ᠤᠨ ᠤ ᠲᠦᠷᠦᠭᠦᠦ 9 ᠰᠠᠷ᠎ᠠ ᠳᠡᠬᠢ 《ᠪᠠᠶᠢᠭᠠᠯᠢ ᠤᠷᠴᠢᠨ ᠤ ᠬᠠᠮᠠᠭᠠᠯᠠᠯᠲᠠ ᠶᠢᠨ ᠬᠠᠤᠯᠢ》 ᠵᠢ ᠪᠤᠳᠠᠳᠠᠢ ᠬᠡᠷᠡᠭ᠍ᠵᠢᠭᠦᠯᠦᠭ᠍ᠰᠡᠨ ᠪᠠᠶᠢᠳᠠᠯ ᠪᠤᠯᠤᠨ ᠬᠠᠤᠯᠢ ᠴᠠᠭᠠᠵᠠ ᠶᠢᠨ ᠪᠠᠶᠢᠭᠤᠯᠤᠮᠵᠢ ᠲᠠᠢ ᠬᠤᠯᠪᠤᠭᠠᠯᠠᠬᠰᠠᠨ ᠪᠠᠶᠢᠳᠠᠯ ᠢ ᠨᠡᠶᠢᠲᠡᠯᠡᠵᠡᠢ᠃ ᠡᠨᠡ ᠤᠨ ᠤ ᠲᠦᠷᠦᠭᠦᠦ 9 ᠰᠠᠷ᠎ᠠ ᠳᠤ ᠰᠢᠢᠳᠪᠤᠷᠢᠯᠡᠭᠰᠡᠨ ᠲᠠᠪᠤᠨ ᠲᠦᠷᠦᠯ ᠤᠨ ᠬᠡᠷᠡᠭ ᠨᠡᠶᠢᠯᠡᠭᠡᠳ11767᠂ ᠡᠭᠦᠨ ᠳᠤ ᠬᠤᠨᠤᠬ ᠢᠶᠡᠷ ᠲᠤᠭᠠᠴᠠᠭᠠᠯᠠᠵᠦ ᠶᠠᠯᠠᠯᠠᠬᠰᠠᠨ ᠬᠡᠷᠡᠭ 529᠂ ᠲᠤᠷᠭᠠᠬᠰᠠᠨ ᠮᠦᠩᠭᠦ ᠨᠡᠶᠢᠲᠡ 5.5 ᠳ᠋ᠦ᠋ᠩᠰᠢᠭᠤᠷ ᠲᠦᠭᠦᠷᠢᠭ᠌ ᠬᠦᠷᠴᠡᠢ᠃

    ᠪᠠᠶᠢᠭᠠᠯᠢ ᠤᠷᠴᠢᠨ ᠤ ᠶᠠᠮᠤᠨ ᠤ ᠪᠠᠶᠢᠭᠠᠯᠢ ᠤᠷᠴᠢᠨ ᠢ ᠰᠢᠯᠭᠠᠬᠤ ᠲᠤᠪᠴᠢᠶ᠎ᠠ ᠶᠢᠨ ᠳᠡᠳ᠋ ᠳᠠᠷᠤᠭ᠎ᠠ ᠲᠢᠶᠠᠨ ᠸᠸᠢ ᠶᠦᠩ ᠤᠨ ᠲᠠᠨᠢᠯᠴᠠᠭᠤᠯᠤᠬᠰᠨᠨ ᠢᠶᠡᠷ᠂ ᠦᠩᠭᠡᠷᠡᠭᠰᠡᠨ ᠤᠨ ᠤ ᠮᠦᠨ ᠦᠶ᠎ᠡ ᠲᠠᠢ ᠬᠠᠷᠢᠴᠠᠭᠤᠯᠪᠠᠯ᠂ ᠡᠯ᠎ᠡ ᠲᠦᠷᠦᠯ ᠤᠨ ᠬᠡᠷᠡᠭ ᠵᠠᠷᠭᠤ ᠶᠢᠨ ᠲᠤᠭ᠎ᠠ ᠨᠡᠮᠡᠭᠳᠡᠵᠦ᠂ ᠬᠠᠤᠯᠢ ᠬᠡᠷᠡᠭ᠍ᠵᠢᠭᠦᠯᠬᠦ ᠬᠦᠴᠦᠯᠡᠴᠡ ᠤᠯᠠᠮ ᠢᠶᠡᠷ ᠴᠢᠨᠭᠭᠠᠷᠠᠵᠦ ᠪᠠᠶᠢᠨ᠎ᠠ᠃ ᠡᠭᠦᠨ ᠳᠤ ᠬᠤᠨᠤᠬ ᠢᠶᠡᠷ ᠲᠤᠭᠠᠴᠠᠭᠠᠯᠠᠵᠦ ᠶᠠᠯᠠᠯᠠᠬᠰᠠᠨ ᠬᠡᠷᠡᠭ 16.5% ᠨᠡᠮᠡᠭᠳᠡᠵᠦ᠂ ᠪᠢᠲᠡᠭᠦᠮᠵᠢᠯᠡᠵᠦ ᠪᠠᠷᠢᠴᠠᠭᠠᠯᠠᠬᠰᠠᠨ ᠬᠡᠷᠡᠭ 88.6% ᠨᠡᠮᠡᠭᠳᠡᠨ᠂ ᠦᠢᠯᠡᠳᠪᠤᠷᠢᠯᠡᠬᠦ ᠢ ᠨᠢ ᠬᠢᠵᠠᠭᠠᠷᠯᠠᠬᠤ ᠪᠤᠶᠤ ᠵᠤᠬᠰᠤᠭᠠᠬᠰᠠᠨ ᠬᠡᠷᠡᠭ 31.9% ᠨᠡᠮᠡᠭᠳᠡᠵᠦ᠂ ᠲᠦᠷ ᠬᠤᠷᠢᠬᠤ ᠪᠡᠷ ᠰᠢᠯᠵᠢᠭᠦᠯᠦᠨ ᠲᠤᠰᠢᠶᠠᠬᠰᠠᠨ ᠬᠡᠷᠡᠭ 78.9%ᠨᠡᠮᠡᠭ᠍ᠳᠡᠨ᠂ ᠪᠠᠶᠢᠭᠠᠯᠢ ᠤᠷᠴᠢᠨ ᠢ ᠪᠤᠬᠢᠷᠳᠠᠭᠤᠯᠤᠬᠰᠠᠨ ᠶᠠᠯ᠎ᠠ ᠪᠡᠷ ᠰᠢᠯᠵᠢᠭᠦᠯᠦᠨ ᠲᠤᠰᠢᠶᠠᠬᠰᠠᠨ ᠬᠡᠷᠡᠭ 20% ᠨᠡᠮᠡᠭᠳᠡᠵᠡᠢ᠃

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119842653