蒙古文网站Logo
ᠰᠢᠨᠬᠤᠸᠠ ᠮᠤᠩᠭ᠋ᠤᠯ ᠨᠧᠲ

2016 ᠤᠨ ᠤ ᠰᠠᠨᠰᠠᠷ ᠠᠭᠠᠷ ᠠᠶᠠᠯᠠᠯ ᠤᠨ ᠦᠵᠡᠰᠭᠦᠯᠡᠩ ᠢᠶᠡᠷ 400 ᠭᠠᠷᠤᠢ ᠳ᠋ᠦ᠋ᠩᠰᠢᠭᠤᠷ ᠳ᠋ᠤᠯᠯᠠᠷ ᠤᠨ ᠭᠡᠷ᠎ᠡ ᠪᠠᠶᠢᠭᠤᠯᠪᠠ

2016-11-07 16:24

    ᠰᠢᠨᠬᠤᠸᠠ ᠬᠤᠷᠢᠶ᠎ᠠ  ᠭᠤᠸᠠᠩᠵᠧᠤ ᠶᠢᠨ 11ᠰᠠᠷ᠎ᠠ ᠶᠢᠨ 6 ᠤ᠋ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠶᠧ ᠴᠢᠶᠠᠨ᠂ ᠵᠧᠩ ᠳ᠋ᠠ ᠬᠤᠩ) ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠰᠠᠨᠰᠠᠷ ᠠᠭᠠᠷ ᠠᠶᠠᠯᠠᠯ ᠤᠨ ᠦᠵᠡᠰᠭᠦᠯᠡᠩ 6 ᠤ ᠡᠳᠦᠷ ᠤᠨ ᠦᠳᠡ ᠶᠢᠨ ᠬᠤᠶᠢᠨ᠎ᠠ ᠬᠠᠭᠠᠭᠠᠯᠲᠠ ᠪᠠᠨ ᠬᠢᠯ᠎ᠠ᠃ ᠡᠨᠡᠬᠦ ᠦᠵᠡᠰᠭᠦᠯᠡᠩ ᠢᠶᠡᠷ 400 ᠭᠠᠷᠤᠢ ᠳ᠋ᠦ᠋ᠩᠰᠢᠭᠤᠷ ᠳ᠋ᠤᠯᠯᠠᠷ ᠤᠨ ᠭᠡᠷ᠎ᠡ ᠪᠠᠶᠢᠭᠤᠯᠵᠦ᠂ ᠡᠯ᠎ᠡ ᠲᠦᠷᠦᠯ ᠤᠨ ᠨᠢᠰᠭᠦ ᠤᠨᠭᠭᠤᠴᠠ ᠵᠢ 187 ᠬᠤᠳᠠᠯᠳᠤᠵᠦ᠂ ᠳᠠᠪᠬᠤᠷᠳᠠᠬᠰᠠᠨ ᠲᠤᠭ᠎ᠠ ᠪᠡᠷ 40 ᠲᠦᠮᠡ ᠰᠢᠬᠠᠮ ᠦᠵᠡᠭᠴᠢᠳ ᠦᠵᠡᠰᠭᠦᠯᠡᠩ ᠢ ᠰᠤᠨᠢᠷᠬᠠᠬᠰᠠᠨ ᠪᠠᠶᠢᠨ᠎ᠠ᠃

    ᠲᠤᠰ ᠤᠳᠠᠭᠠᠨ ᠤ ᠰᠠᠨᠰᠠᠷ ᠠᠭᠠᠷ ᠠᠶᠠᠯᠠᠯ ᠤᠨ ᠦᠵᠡᠰᠬᠦᠯᠡᠩ 11 ᠰᠠᠷ᠎ ᠠ ᠶᠢᠨ 1 ᠤ᠋ ᠡᠳᠦᠷ ᠡᠴᠡ 6 ᠤ᠋ ᠡᠳᠦᠷ ᠪᠤᠯᠲᠠᠯ᠎ᠠ ᠵᠤᠬᠢᠶᠠᠨ ᠪᠠᠢᠭᠤᠯᠤᠬᠳᠠᠪᠠ᠃ 6 ᠬᠤᠨᠤᠬ ᠤᠨ ᠬᠤᠭᠤᠴᠠᠭᠠᠨ ᠳᠤ 42 ᠤᠯᠤᠰ ᠤᠷᠤᠨ ᠤ 700 ᠭᠠᠷᠤᠢ ᠬᠤᠳᠠᠯᠳᠤᠭᠠᠴᠢᠳ ᠤᠷᠤᠯᠴᠠᠵᠦ᠂ ᠡᠭᠦᠨ ᠳᠤ ᠬᠠᠭᠠᠰ ᠰᠢᠬᠠᠮ ᠨᠢ ᠭᠠᠳᠠᠭᠠᠳᠤ ᠤᠯᠤᠰ ᠤᠨ ᠺᠤᠮᠫᠠᠨᠢ ᠪᠠᠶᠢᠯ᠎ᠠ᠃ ᠠᠮᠸᠷᠢᠺᠠ᠂ ᠹᠠᠷᠠᠨᠼᠢ᠂ ᠤᠷᠤᠰ᠂ ᠺᠠᠨᠠᠳᠠ ᠵᠡᠷᠭᠡ ᠤᠯᠤᠰ ᠤᠨ ᠬᠢ ᠤᠯᠤᠰ ᠤᠨ ᠦᠵᠡᠭᠦᠯᠦᠯᠭᠡ ᠶᠢᠨ ᠪᠠᠬ ᠤᠨ ᠬᠤᠪᠢ ᠪᠡᠷ ᠦᠵᠡᠰᠭᠦᠯᠡᠩ ᠳᠤ ᠤᠷᠤᠯᠴᠠᠵᠦ᠂ ᠪᠧᠦᠶ᠊ᠢᠩ ᠺᠤᠮᠫᠠᠨᠢ (The Boeing Company)᠂ ᠠᠶᠢᠷᠪᠠᠰ(Airbus)᠂ ᠪᠷᠠᠽᠢᠯ ᠤᠨ ᠠᠭᠠᠷ ᠠᠶᠠᠯᠠᠯ᠂ ᠤᠷᠤᠰ ᠤᠨ UAC᠂ GE᠂ CFM᠂ ATR ᠵᠡᠷᠭᠡ ᠳᠡᠯᠡᠬᠡᠢ ᠶᠢᠨ ᠰᠠᠨᠰᠠᠷ ᠠᠶᠠᠯᠠᠯ ᠪᠤᠯᠤᠨ ᠠᠭᠠᠷ ᠠᠶᠠᠯᠠᠯ ᠤᠨ ᠲᠦᠷᠦᠭᠦᠨ ᠤ 50 ᠬᠦᠴᠦᠷᠬᠡᠭ᠌ ᠠᠵᠦ ᠠᠬᠤᠶᠢᠯᠠᠯ ᠤᠳ ᠪᠦᠲᠦᠭᠡᠭ᠍ᠳᠡᠭᠦᠨ ᠤ ᠪᠠᠨ ᠬᠠᠮᠲᠤ ᠦᠵᠡᠰᠭᠦᠯᠡᠩ ᠳ᠋ᠤ ᠤᠷᠤᠯᠴᠠᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119866031