蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ ᠢᠷᠡᠬᠦ ᠭᠤᠷᠪᠠᠨ ᠬᠤᠨᠤᠬ ᠲᠤ ᠮᠦᠨ ᠦᠷᠭᠦᠯᠵᠢᠯᠡᠨ ᠬᠦᠢᠲᠡᠷᠡᠨ᠎ᠡ

2016-11-16 10:45

    ᠰᠢᠨᠬᠤᠸᠠ ᠬᠤᠷᠢᠶ᠎᠎ᠠ  ᠬᠦᠬᠡᠬᠤᠲᠠ ᠶᠢᠨ 11 ᠰᠠᠷ᠎ᠠ ᠶᠢᠨ 15 ᠤ᠋ ᠡᠳᠦᠷ ᠤᠨ ᠴᠠᠬᠢᠯᠭᠠᠨ ᠮᠡᠳᠡᠭᠡ( ᠰᠤᠷᠪᠤᠯᠵᠢᠯᠠᠬᠴᠢ ᠸᠠᠩ ᠵᠢᠩ) ᠰᠤᠷᠪᠤᠯᠵᠢᠯᠠᠬᠴᠢ 15 ᠤ᠋ ᠡᠳᠦᠷ ᠦᠪᠦᠷ ᠮᠤᠨᠭᠭᠤᠯ ᠤᠨ ᠴᠠᠬ ᠠᠭᠤᠷ ᠤᠨ ᠲᠤᠪᠴᠢᠶ᠎ᠠ ᠡᠴᠡ ᠤᠶᠢᠯᠠᠭᠠᠬᠰᠠᠨ ᠢᠶᠡᠷ᠂ ᠢᠷᠡᠬᠦ ᠭᠤᠷᠪᠠᠨ ᠬᠤᠨᠤᠬ ᠲᠤ ᠦᠪᠦᠷ ᠮᠤᠨᠭᠭᠤᠯ ᠤᠨ ᠶᠡᠬᠡᠩᠬᠢ ᠪᠦᠰᠡ ᠳᠤ ᠦᠷᠭᠦᠯᠵᠢᠯᠡᠨ ᠬᠦᠢᠲᠡᠷᠡᠬᠦ ᠪᠠ ᠶᠡᠬᠡ ᠰᠠᠯᠬᠢ ᠰᠠᠯᠬᠢᠯᠠᠨ᠎ᠠ᠃ ᠦᠪᠦᠷ ᠮᠤᠨᠭᠭᠤᠯ ᠤᠨ ᠴᠠᠬ ᠠᠭᠤᠷ ᠤᠨ ᠲᠤᠪᠴᠢᠶ᠎ᠠ ᠶᠢᠨ ᠤᠷᠢᠳᠴᠢᠯᠠᠨ ᠲᠤᠭᠠᠴᠠᠭᠠᠯᠠᠬᠰᠠᠨ ᠢᠶᠡᠷ᠂ ᠢᠷᠡᠬᠦ ᠭᠤᠷᠪᠠᠨ ᠬᠤᠨᠤᠬ ᠲᠤ ᠰᠢᠯᠢ ᠶᠢᠨ ᠭᠤᠤᠯ ᠤᠨ ᠵᠡᠭᠦᠨ ᠬᠤᠶᠢᠲᠤ ᠪᠦᠰᠡ᠂ ᠬᠢᠨᠭᠭᠠᠨ ᠤ ᠬᠤᠶᠢᠲᠤ ᠪᠦᠰᠡ᠂ ᠬᠦᠯᠦᠨ ᠪᠤᠶᠢᠷ ᠤᠨ ᠪᠠᠷᠠᠭᠤᠨ ᠪᠦᠰᠡ ᠪᠠ ᠬᠤᠶᠢᠲᠤ ᠪᠦᠰᠡ ᠳᠤ ᠪᠠᠭ᠎ᠠ ᠴᠠᠰᠤ ᠲᠠᠢ᠂ ᠪᠤᠰᠤᠳ ᠨᠤᠲᠤᠬ ᠢᠶᠡᠷ ᠲᠤᠨᠭᠭᠠᠯᠠᠬ ᠬᠡᠰᠡᠭ᠌ ᠲᠡᠭᠡᠨ ᠡᠭᠦᠯᠡ ᠲᠠᠢ; ᠳᠤᠮᠳᠠ ᠪᠦᠰᠡ ᠶᠢᠨ ᠵᠡᠭᠦᠨ ᠬᠡᠰᠡᠭ ᠪᠤᠯᠤᠨ ᠵᠡᠭᠦᠨ ᠪᠦᠰᠡ ᠳᠤ ᠪᠠᠷᠠᠭᠤᠨ ᠬᠤᠶᠢᠨ᠎ᠠ ᠡᠴᠡ 4-5 ᠳᠡᠰ ᠤᠨ ᠰᠠᠯᠬᠢ ᠰᠠᠯᠬᠢᠯᠠᠵᠦ᠂ ᠬᠡᠰᠡᠭ ᠲᠡᠭᠡᠨ 5-6 ᠳᠡᠰ ᠬᠦᠷᠤᠨ᠎ᠡ᠂ ᠪᠤᠰᠤᠳ ᠨᠤᠲᠤᠬ ᠢᠶᠡᠷ ᠡᠮᠦᠨ᠎ᠡ ᠡᠴᠡ 3-4 ᠳᠡᠰ ᠤᠨ ᠰᠠᠯᠬᠢ ᠰᠠᠯᠬᠢᠯᠠᠨ᠎ᠠ; ᠳᠤᠮᠳᠠ ᠪᠦᠰᠡ ᠶᠢᠨ ᠵᠡᠭᠦᠨ ᠬᠡᠰᠡᠭ ᠪᠤᠯᠤᠨ ᠵᠡᠭᠦᠨ ᠪᠦᠰᠡ ᠳᠤ 6-8 ᠭ᠍ᠷᠠᠳᠦ᠋᠋ᠰ ᠬᠦᠢᠲᠡᠷᠡᠵᠦ᠂ ᠵᠡᠭᠦᠨ ᠪᠦᠰᠡ ᠶᠢᠨ ᠡᠮᠦᠨ᠎ᠡ ᠬᠡᠰᠡᠭ ᠲᠤ 8 ᠭ᠍ᠷᠠᠳᠦ᠋ᠰ ᠡᠴᠡ ᠳᠡᠭᠡᠭ᠍ᠰᠢ ᠬᠦᠢᠲᠡᠷᠡᠨ᠎ᠡ᠃

    ᠮᠠᠯ ᠠᠵᠦ ᠠᠬᠤᠢ ᠶᠢᠨ ᠰᠠᠯᠪᠤᠷᠢ ᠶᠢᠨ ᠬᠢᠨ ᠴᠠᠬ ᠠᠭᠠᠷ ᠤᠨ ᠬᠤᠪᠢᠷᠠᠯᠲᠠ ᠵᠢ ᠠᠨᠭᠬᠠᠷᠬᠤ ᠶᠢᠨ ᠵᠡᠷᠭᠡᠪᠡᠷ ᠴᠠᠬ ᠢ ᠠᠮᠵᠢᠨ ᠮᠠᠯᠴᠢᠳ ᠢ ᠬᠠᠪᠰᠤᠷᠴᠦ ᠫᠧᠩ ᠰᠠᠷᠠᠪᠴᠢ ᠵᠢ ᠨᠢ ᠪᠡᠬᠢᠯᠡᠨ᠂ ᠮᠠᠯ ᠲᠡᠵᠢᠭᠡᠪᠦᠷᠢ ᠶᠢᠨ ᠳᠤᠯᠠᠭᠠᠯᠭ᠎ᠠ ᠶᠢᠨ ᠠᠵᠢᠯ ᠢ ᠰᠠᠶᠢᠲᠤᠷ ᠬᠢᠪᠡᠯ ᠵᠤᠬᠢᠨ᠎ᠠ; ᠲᠦᠬᠦᠭᠡᠷᠦᠮᠵᠢᠲᠤ ᠲᠠᠷᠢᠶᠠᠯᠠᠩ ᠤᠨ ᠲᠦᠬᠦᠭᠡᠷᠦᠮᠵᠢ ᠵᠢ ᠪᠡᠬᠢᠯᠡᠵᠦ᠂ ᠰᠠᠯᠬᠢ ᠪᠠ ᠬᠦᠢᠲᠡᠨ ᠡᠴᠡ ᠰᠡᠷᠭᠡᠶᠢᠯᠡᠬᠦ ᠠᠵᠢᠯ ᠢ ᠭᠦᠢᠴᠡᠳ ᠬᠢᠪᠠᠯ ᠵᠤᠬᠢᠨ᠎ᠠ ᠭᠡᠵᠦ ᠴᠠᠬ ᠠᠭᠤᠷ ᠤᠨ ᠰᠠᠯᠪᠤᠷᠢ ᠶᠢᠨ ᠬᠢᠨ ᠰᠠᠨᠠᠭᠤᠯᠵᠦ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119922760