蒙古文网站Logo
ᠰᠢᠨᠬᠤᠸᠠ ᠮᠤᠩᠭ᠋ᠤᠯ ᠨᠧᠲ

ᠬᠦᠢᠳᠡᠨ ᠤ ᠳᠤᠶᠢᠯ ᠬᠡᠮᠡᠭᠳᠡᠭᠰᠡᠨ ᠬᠦᠯᠦᠨ ᠪᠤᠶᠢᠷ ᠤᠨ ᠠᠭᠠᠷ ᠤᠨ ᠳᠤᠯᠠᠭᠠᠨ -39.8 ᠭ᠍ᠷᠠᠳᠦ᠋ᠰ ᠬᠦᠷᠴᠤ ᠪᠠᠶᠢᠨ᠎ᠠ

2016-11-23 15:32

    ᠳᠤᠮᠳᠠᠳᠤ ᠤᠯᠤᠰ ᠤᠨ ᠴᠠᠬ ᠠᠭᠤᠷ ᠤᠨ ᠨᠧᠲ ᠤᠨ ᠮᠡᠳᠡᠭᠡ ᠵᠢ ᠦᠨᠳᠦᠰᠦᠯᠡᠪᠡᠯ᠂ ᠬᠦᠢᠲᠡᠨ ᠤᠷᠤᠰᠬᠠᠯ ᠤᠨ ᠨᠦᠯᠦᠭᠡᠯᠡᠯ ᠢᠶᠡᠷ ᠦᠨᠦᠳᠦᠷ ᠪᠤᠶᠤ 22 ᠤ᠋ᠨ ᠡᠳᠦᠷ ᠤᠨ ᠦᠷᠯᠦᠭᠡ ᠬᠦᠯᠦᠨ ᠪᠤᠶᠢᠷ ᠬᠤᠲᠠ ᠶᠢᠨ ᠵᠢᠨ ᠾᠧ ᠪᠠᠯᠭᠠᠰᠤᠨ ᠤ ᠴᠠᠭ ᠠᠭᠠᠷ -39.8 ᠭ᠍ᠷᠠᠳ᠋ᠦ᠋ᠰ ᠲᠤ ᠬᠦᠷᠴᠤ᠂ ᠦᠩᠭᠡᠷᠡᠭᠰᠡᠨ30 ᠵᠢᠯ ᠤᠨ ᠮᠦᠨ ᠦᠶ᠎ᠡ ᠳᠡᠬᠢ ᠬᠠᠮᠤᠬ ᠤᠨ ᠬᠦᠢᠲᠡᠨ ᠤ ᠳᠡᠮᠳᠡᠭᠯᠡᠯ ᠢ ᠰᠢᠨᠡᠳᠬᠡᠵᠡᠢ᠃ ᠬᠦᠢᠲᠡᠨ ᠴᠠᠬ ᠠᠭᠠᠷ ᠡᠴᠡ ᠪᠤᠯᠵᠦ ᠦᠪᠦᠷ ᠮᠤᠨᠭᠭᠤᠯ ᠤᠨ ᠶᠡᠬᠡᠩᠬᠢ ᠬᠤᠷᠳᠤᠨ ᠤ ᠵᠠᠮ ᠬᠠᠭᠠᠬᠳᠠᠬᠰᠠᠨ ᠪᠠᠶᠢᠨ᠎ᠠ᠃

    ᠦᠨᠦ ᠦᠷᠯᠦᠭᠡ ᠦᠪᠦᠷ ᠮᠤᠨᠭᠭᠤᠯ ᠤᠨ ᠶᠡᠬᠡᠩᠬᠢ ᠪᠦᠰᠡ ᠨᠤᠲᠤᠬ ᠤᠨ ᠠᠭᠠᠷ ᠤᠨ ᠳᠤᠯᠠᠭᠠᠨ ᠦᠷᠭᠦᠯᠵᠢᠯᠡᠨ ᠳᠤᠷᠤᠬᠰᠢᠯᠠᠵᠦ᠂ ᠬᠦᠯᠦᠨ ᠪᠤᠶᠢᠷ ᠤᠨ ᠭᠡᠭᠡᠨ ᠭᠤᠤᠯ ᠬᠤᠲᠠ ᠶᠢᠨ ᠬᠠᠮᠤᠬ ᠤᠨ ᠳᠤᠤᠷ᠎ᠠ ᠳᠤᠯᠠᠭᠠᠨ -36.1 ᠭ᠍ᠷᠠᠳᠦ᠋ᠰ᠂ ᠮᠠᠨ ᠭᠦᠢ ᠪᠠᠯᠭᠠᠰᠤ  -38.8 ᠭ᠍ᠷᠠᠳᠦ᠋ᠰ᠂ ᠤᠯᠤᠭᠤᠶᠠ ᠰᠢᠶᠠᠩ -38.5 ᠭ᠍ᠷᠠᠳᠦ᠋ᠰ᠂ ᠬᠦᠢᠲᠡᠨ ᠤ ᠲᠦᠢᠯ ᠲᠤᠰᠬᠤᠨ -38.6 ᠭ᠍ᠷᠠᠳᠦ᠋ᠰ᠂ ᠵᠢᠨ ᠾᠧ ᠪᠠᠯᠭᠠᠰᠤ -39.8 ᠭ᠍ᠷᠠᠳᠦ᠋ᠰ ᠬᠦᠷᠴᠡᠢ᠃

    ᠦᠪᠦᠷ ᠮᠤᠨᠭᠭᠤᠯ ᠤᠨ ᠴᠠᠬ ᠠᠭᠤᠷ ᠤᠨ ᠬᠤᠷᠢᠶ᠎ᠠ ᠶᠢᠨ ᠤᠷᠢᠳᠴᠢᠯᠠᠨ ᠲᠤᠭᠠᠴᠠᠭᠠᠯᠠᠬᠰᠠᠨ ᠢᠶᠡᠷ᠂ ᠦᠨᠦᠳᠦᠷ ᠤᠨ ᠦᠳᠡ ᠡᠴᠡ ᠡᠬᠢᠯᠡᠨ ᠢᠷᠡᠬᠦ ᠭᠤᠷᠪᠠᠨ ᠬᠤᠨᠤᠬ ᠲᠤ ᠦᠪᠦᠷ ᠮᠤᠨᠭᠭᠤᠯ ᠤᠨ ᠶᠡᠬᠡᠩᠬᠢ ᠪᠦᠰᠡ ᠨᠤᠲᠤᠬ ᠤᠨ ᠠᠭᠠᠷ ᠤᠨ ᠳᠤᠯᠠᠭᠠᠨ ᠳᠡᠭᠡᠭ᠍ᠰᠢᠯᠡᠵᠦ᠂ ᠳᠤᠮᠳᠠ ᠪᠠᠷᠠᠭᠤᠨ ᠪᠦᠰᠡ ᠨᠤᠲᠤᠬ ᠢᠶᠡᠷ ᠪᠠᠷᠠᠭᠤᠨ ᠬᠤᠶᠢᠨ᠎ᠠ ᠡᠴᠡ 4-5 ᠳᠡᠰ ᠤᠨ ᠰᠠᠯᠬᠢ ᠲᠠᠢ᠃

ᠢᠷᠡᠯᠳᠡ᠄ ᠲᠦᠪ ᠲᠧᠯᠸᠢᠰ ᠤᠨ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691119974402