蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ ᠢᠷᠡᠬᠦ ᠭᠤᠷᠪᠠᠨ ᠬᠤᠨᠤᠭ ᠲᠤ ᠴᠠᠰᠤ ᠤᠷᠤᠵᠤ ᠰᠠᠯᠬᠢ ᠰᠠᠯᠬᠢᠯᠠᠨ ᠬᠦᠢᠲᠡᠷᠡᠨ᠎ᠡ

2016-11-29 18:56

    ᠰᠢᠨᠬᠤᠧᠠ ᠮᠤᠩᠭ᠋ᠤᠯ ᠨᠧᠲ  ᠬᠦᠬᠡᠬᠤᠲᠠ ᠶᠢᠨ 11 ᠰᠠᠷ᠎ᠠ ᠶᠢᠨ 29 ᠤ ᠡᠲᠦᠷ ᠤᠨ ᠴᠠᠬᠢᠯᠭᠠᠨ ᠮᠡᠲᠡᠭᠡ ( ᠬ·ᠦᠵᠡᠰᠭᠦᠯᠡᠩ ) ᠦᠪᠦᠷ ᠮᠤᠩᠭ᠋ᠤᠯ ᠤᠨ ᠴᠠᠭ ᠠᠭᠤᠷ ᠤᠨ ᠬᠤᠷᠢᠶᠠᠨ ᠡᠴᠡ ᠦᠨᠦᠲᠦᠷ ᠤᠨ 9᠄ 30 ᠴᠠᠭ ᠲᠤ ᠤᠷᠢᠳᠴᠢᠯᠠᠨ ᠲᠤᠭᠠᠴᠠᠭᠠᠯᠠᠭᠰᠠᠨ ᠴᠠᠭ ᠠᠭᠠᠷ ᠤᠨ ᠮᠡᠲᠡᠭᠡᠯᠡᠯ ᠢ ᠦᠨᠳᠦᠰᠦᠯᠡᠪᠡᠯ᠂ ᠢᠷᠡᠬᠦ ᠭᠤᠷᠪᠠᠨ ᠬᠤᠨᠤᠭ ᠲᠤ ᠦᠪᠦᠷ ᠮᠤᠩᠭ᠋ᠤᠯ ᠤᠨ ᠶᠡᠬᠡᠩᠬᠢ ᠭᠠᠵᠠᠷ ᠶᠢᠡᠷ ᠴᠠᠰᠤ ᠤᠷᠤᠵᠤ᠂ ᠰᠠᠯᠬᠢ ᠰᠠᠯᠬᠢᠯᠠᠨ ᠬᠦᠢᠲᠡᠷᠡᠨ᠎ᠠ᠃ ᠪᠤᠲᠠᠲᠠᠢ ᠴᠠᠭ ᠠᠭᠠᠷ ᠤᠨ ᠪᠠᠢᠢᠲᠠᠯ ᠲᠤᠤᠷᠠᠬᠢ ᠮᠡᠲᠦ᠄

    11 ᠰᠠᠷ᠎ᠠ ᠶᠢᠨ 29 ᠤ ᠡᠲᠦᠷ ᠤᠨ 8᠄ 00 ᠴᠠᠭ ᠡᠴᠡ 11 ᠰᠠᠷ᠎ᠠ ᠶᠢᠨ 30 ᠤ ᠡᠲᠦᠷ ᠤᠨ 8᠄ 00 ᠴᠠᠭ ᠪᠤᠯᠲᠠᠯ᠎ᠠ᠂ ᠦᠪᠦᠷ ᠮᠤᠩᠭ᠋ᠤᠯ ᠤᠨ ᠪᠠᠷᠠᠭᠤᠨ ᠬᠡᠰᠡᠭ᠂ ᠲᠤᠮᠲᠠ ᠵᠡᠬᠦᠨ ᠬᠡᠰᠡᠭ ᠲᠤ ᠡᠭᠦᠯᠡ ᠲᠠᠢ᠂ ᠤᠷᠲᠤᠰ ᠤᠨ ᠵᠡᠬᠦᠨ ᠬᠤᠢᠢᠲᠤ ᠬᠡᠰᠡᠭ᠂ ᠬᠦᠬᠡᠬᠤᠲᠠ᠂ ᠤᠯᠠᠭᠠᠨᠴᠠᠪ ᠤᠨ ᠡᠮᠦᠨ᠎ᠡ ᠬᠡᠰᠡᠭ᠂ ᠰᠢᠯᠢ ᠶᠢᠨ ᠭᠤᠤᠯ ᠤᠨ ᠡᠮᠦᠨ᠎ᠡ ᠬᠡᠰᠡᠭ ᠪᠠ ᠵᠡᠬᠦᠨ ᠬᠤᠢᠢᠲᠤ ᠬᠡᠰᠡᠭ᠂ ᠤᠯᠠᠭᠠᠨᠬᠠᠲᠠ᠂ ᠲᠦᠩᠯᠢᠶᠤᠤ᠂ ᠬᠢᠩᠭ᠋ᠠᠨ ᠤ ᠪᠠᠷᠠᠭᠤᠨ ᠬᠡᠰᠡᠭ᠂ ᠬᠦᠯᠦᠨ ᠪᠤᠢᠢᠷ ᠤᠨ ᠶᠡᠬᠡᠩᠬᠢ ᠬᠡᠰᠡᠭ ᠲᠤ ᠪᠠᠭ᠎ᠠ ᠴᠠᠰᠤ ᠤᠷᠤᠨ᠎ᠠ᠃

    ᠡᠭᠦᠨ ᠳ᠋ᠤ ᠰᠢᠯᠢ ᠶᠢᠨ ᠭᠤᠤᠯ ᠤᠨ ᠵᠡᠬᠦᠨ ᠡᠮᠦᠨ᠎ᠡ ᠬᠡᠰᠡᠭ᠂ ᠤᠯᠠᠭᠠᠨᠬᠠᠲᠠ ᠶᠢᠨ ᠡᠮᠦᠨ᠎ᠡ ᠬᠡᠰᠡᠭ᠂ ᠲᠦᠩᠯᠢᠶᠤᠤ ᠶᠢᠨ ᠪᠠᠷᠠᠭᠤᠨ ᠡᠮᠦᠨ᠎ᠡ ᠬᠡᠰᠡᠭ ᠲᠤ ᠲᠤᠮᠲᠠ ᠵᠡᠷᠭᠡ ᠶᠢᠨ ᠴᠠᠰᠤ ᠤᠷᠤᠨ᠎ᠠ᠃ ᠪᠤᠰᠤᠳ ᠭᠠᠵᠠᠷ ᠲᠤ ᠡᠬᠦᠯᠡᠰᠢᠨ᠎ᠡ᠃

    ᠪᠠᠷᠠᠭᠤᠨ ᠬᠡᠰᠡᠭ ᠲᠤ ᠪᠠᠷᠠᠭᠤᠨ ᠬᠤᠢᠢᠨ᠎ᠠ ᠡᠴᠡ 45 ᠲᠡᠰ ᠤᠨ ᠰᠠᠯᠬᠢ ᠲᠠᠢ᠂ ᠲᠦᠷ ᠵᠠᠭᠤᠷ᠎ᠠ 56 ᠲᠡᠰ ᠲᠤ ᠬᠦᠷᠦᠨ᠎ᠡ᠂ ᠲᠤᠮᠲᠠ ᠵᠡᠬᠦᠨ ᠬᠡᠰᠡᠭ ᠲᠤ ᠪᠠᠷᠠᠭᠤᠨ ᠡᠮᠦᠨ᠎ᠡ ᠡᠴᠡ 45 ᠲᠡᠰ ᠤᠨ ᠰᠠᠯᠬᠢ ᠲᠠᠢ᠃

    11 ᠰᠠᠷ᠎᠎ᠠ ᠶᠢᠨ 30 ᠤ ᠡᠲᠦᠷ ᠤᠨ 8᠄ 00 ᠴᠠᠭ ᠡᠴᠡ 12 ᠰᠠᠷ᠎ᠠ ᠶᠢᠨ 1 ᠤ ᠡᠲᠦᠷ ᠤᠨ 8᠄ 00 ᠴᠠᠭ ᠪᠤᠯᠲᠠᠯ᠎ᠠ ᠦᠪᠦᠷ ᠮᠤᠩᠭ᠋ᠤᠯ ᠤᠨ ᠵᠡᠬᠦᠨ ᠬᠡᠰᠡᠭ ᠲᠤ ᠡᠬᠦᠯᠡ ᠲᠠᠢ᠂ ᠰᠢᠯᠢ ᠶᠢᠨ ᠭᠤᠤᠯ ᠤᠨ ᠬᠤᠢᠢᠲᠤ ᠬᠡᠰᠡᠭ᠂ ᠤᠯᠠᠭᠠᠨᠬᠠᠲᠠ ᠶᠢᠨ ᠵᠡᠬᠦᠨ ᠡᠮᠦᠨ᠎ᠡ ᠬᠡᠰᠡᠭ᠂ ᠬᠢᠩᠭᠠᠨ᠂ ᠲᠦᠩᠯᠢᠶᠤᠤ᠂ ᠬᠦᠯᠦᠨ ᠪᠤᠢᠢᠷ ᠲᠤ ᠪᠠᠭ᠎ᠠ ᠴᠠᠰᠤ ᠤᠷᠤᠨ᠎ᠠ᠂ ᠡᠭᠦᠨ ᠳ᠋ᠤ ᠬᠦᠯᠦᠨ ᠪᠤᠢᠢᠷ ᠤᠨ ᠲᠤᠮᠲᠠ ᠬᠡᠰᠡᠭ ᠪᠠ ᠵᠡᠬᠦᠨ ᠬᠤᠢᠢᠲᠤ ᠬᠡᠰᠡᠭ ᠲᠤ ᠲᠤᠮᠲᠠ ᠵᠡᠷᠭᠡ ᠶᠢᠨ ᠴᠠᠰᠤ ᠤᠷᠤᠨ᠎ᠠ᠃ ᠪᠤᠰᠤᠳ ᠭᠠᠵᠠᠷ ᠲᠤ ᠡᠭᠦᠯᠡᠰᠢᠨ᠎ᠡ᠃

    ᠲᠤᠮᠲᠠ ᠵᠡᠬᠦᠨ ᠬᠡᠰᠡᠭ ᠲᠤ ᠪᠠᠷᠠᠭᠤᠨ ᠬᠤᠢᠢᠨ᠎ᠠ ᠡᠴᠡ 45 ᠲᠡᠰ ᠤᠨ ᠰᠠᠯᠬᠢ ᠲᠠᠢ᠂ ᠲᠦᠷ ᠵᠠᠭᠤᠷ᠎ᠠ 56 ᠲᠡᠰ ᠤᠨ ᠰᠠᠯᠬᠢ ᠲᠠᠢ᠂ ᠪᠤᠰᠤᠳ ᠭᠠᠵᠠᠷ ᠲᠤ ᠪᠠᠷᠠᠭᠤᠨ ᠬᠤᠢᠢᠨ᠎ᠠ ᠡᠴᠡ 34 ᠲᠡᠰ ᠤᠨ ᠰᠠᠯᠬᠢ ᠲᠠᠢ᠃ ᠲᠤᠮᠲᠠ ᠵᠡᠬᠦᠨ ᠬᠡᠰᠡᠭ ᠲᠤ 46 ᠭᠷᠠᠳᠦ᠋ᠰ ᠬᠦᠢᠲᠡᠷᠡᠨ᠎ᠡ᠂ ᠵᠠᠷᠢᠮ ᠭᠠᠵᠠᠷ ᠲᠤᠨᠢ 68 ᠭᠷᠠᠳᠦ᠋ᠰ ᠬᠦᠢᠲᠡᠷᠡᠨ᠎ᠡ᠃

    12 ᠰᠠᠷ᠎ᠠ ᠶᠢᠨ 1 ᠤ ᠡᠲᠦᠷ ᠤᠨ 8᠄ 00 ᠴᠠᠭ ᠡᠴᠡ 2 ᠤᠨ ᠡᠲᠦᠷ ᠤᠨ 8᠄ 00 ᠴᠠᠭ ᠪᠤᠯᠲᠠᠯ᠎ᠠ ᠬᠦᠯᠦᠨ ᠪᠤᠢᠢᠷ ᠤᠨ ᠬᠤᠢᠢᠲᠤ ᠬᠡᠰᠡᠭ ᠲᠤ ᠡᠬᠦᠯᠡ ᠲᠠᠢ᠂ ᠪᠠᠭ᠎ᠠ ᠴᠠᠰᠤ ᠤᠷᠤᠨ᠎ᠠ᠃ ᠪᠤᠰᠤᠳ ᠭᠠᠵᠠᠷ ᠲᠤ ᠡᠭᠦᠯᠡᠰᠢᠨ᠎ᠡ᠃

    ᠲᠤᠮᠲᠠ ᠵᠡᠬᠦᠨ ᠬᠡᠰᠡᠭ ᠲᠦ ᠪᠠᠷᠠᠭᠤᠨ ᠬᠤᠢᠢᠨ᠎ᠠ ᠡᠴᠡ 45 ᠲᠡᠰ ᠤᠨ ᠰᠠᠯᠬᠢ ᠲᠠᠢ᠂ ᠪᠤᠰᠤᠳ ᠭᠠᠵᠠᠷ ᠲᠤ ᠪᠠᠷᠠᠭᠤᠨ ᠡᠴᠡ 34 ᠲᠡᠰ ᠤᠨ ᠰᠠᠯᠬᠢ ᠲᠠᠢ᠃

ᠢᠷᠡᠯᠳᠡ᠄ ᠰᠢᠨᠬᠤᠧᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791120016382