ᠲᠦᠷᠦ ᠶᠢᠨ ᠶᠠᠪᠤᠳᠠᠯ ᠤᠨ ᠬᠤᠷᠢᠶ᠎ᠠ ᠡᠴᠡ 2017 ᠤᠨ ᠤ ᠵᠠᠷᠢᠮ ᠪᠠᠶᠠᠷ ᠳᠤᠷᠠᠰᠬᠠᠯ ᠤᠨ ᠠᠮᠠᠷᠠᠯᠲᠠ ᠵᠢ ᠲᠤᠬᠢᠷᠠᠭᠤᠯᠪᠠ 2016-12-02 16:16

    ᠰᠢᠨᠬᠤᠸᠠ ᠬᠤᠷᠢᠶ᠎ᠠ  ᠪᠡᠭᠡᠵᠢᠩ ᠤᠨ 12 ᠰᠠᠷ᠎ᠠ ᠶᠢᠨ 1 ᠤ᠋ ᠡᠳᠦᠷ ᠤᠨ ᠴᠠᠬᠢᠯᠭᠠᠨ ᠮᠡᠳᠡᠭᠡ᠂ ᠳᠤᠮᠳᠠᠳᠤ ᠤᠯᠤᠰ ᠤᠨ ᠵᠠᠰᠠᠬ ᠤᠨ ᠤᠷᠳᠤᠨ ᠤ ᠨᠧᠲ ᠤᠨ ᠮᠡᠳᠡᠭᠡ ᠵᠢ ᠦᠨᠳᠦᠰᠦᠯᠡᠪᠡᠯ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠡᠴᠡ 2017 ᠤᠨ ᠤ ᠵᠠᠷᠢᠮ ᠪᠠᠶᠠᠷ ᠳᠤᠷᠠᠰᠬᠠᠯ ᠤᠨ ᠠᠮᠠᠷᠠᠯᠲᠠ ᠳᠤ ᠲᠤᠬᠢᠷᠠᠭᠤᠯᠤᠯᠲᠠ ᠬᠢᠭᠰᠡᠨ ᠲᠤᠬᠠᠢ ᠮᠡᠳᠡᠭᠳᠡᠯ ᠢ ᠨᠡᠶᠢᠲᠡᠯᠡᠵᠡᠢ᠃ ᠮᠡᠳᠡᠭᠳᠡᠯ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠲᠠᠢ ᠪᠡᠷ᠂ 2017 ᠤᠨ ᠤ ᠰᠢᠨ᠎ᠡ ᠤᠨ᠂ ᠴᠠᠭᠠᠨ ᠰᠠᠷ᠎ᠠ᠂ ᠨᠡᠭᠡᠭᠡᠭ᠍ᠰᠡᠨ ᠬᠠᠩᠰᠢ᠂ ᠬᠦᠳᠡᠯᠮᠦᠷᠢᠴᠢᠳ ᠤᠨ ᠪᠠᠶᠠᠷ᠂ ᠲᠠᠪᠤᠨ ᠰᠠᠷ᠎ ᠠ ᠶᠢᠨ ᠰᠢᠨ᠎ᠡ ᠶᠢᠨ ᠲᠠᠪᠤᠨ ᠤ ᠪᠠᠶᠠᠷ᠂ ᠲᠡᠷᠭᠡᠯ ᠰᠠᠷᠠᠨ ᠤ ᠪᠠᠶᠠᠷ ᠢᠶᠡᠷ ᠠᠮᠠᠷᠠᠬᠤ ᠡᠳᠦᠷ ᠢ ᠡᠶᠢᠨᠬᠦ ᠲᠤᠬᠢᠷᠠᠭᠤᠯᠤᠬᠰᠠᠨ ᠪᠠᠶᠢᠨ᠎ᠠ᠄

    ᠰᠢᠨ᠎ᠠ ᠤᠨ᠄ 1 ᠰᠠᠷ᠎ᠠ ᠶᠢᠨ 1 ᠤ᠋ ᠡᠳᠦᠷ ᠠᠮᠠᠷᠠᠵᠦ᠂ 1 ᠰᠠᠷ᠎ ᠠ ᠶᠢᠨ 2 ᠤ᠋ᠨ ᠡᠳᠦᠷ(ᠭᠠᠷᠠᠬ ᠤᠨ ᠨᠢᠭᠡᠨ)ᠨᠦᠬᠦᠵᠦ ᠠᠮᠠᠷᠠᠨ᠎ᠠ᠃
    ᠴᠠᠭᠠᠨ ᠰᠠᠷ᠎ᠠ᠄ 1 ᠰᠠᠷ᠎ᠠ ᠶᠢᠨ 27  ᠡᠴᠡ 2 ᠰᠠᠷ᠎ᠠ ᠶᠢᠨ 2 ᠪᠤᠯᠲᠠᠯ᠎ᠠ ᠨᠡᠶᠢᠲᠡ 7 ᠡᠳᠦᠷ ᠠᠮᠠᠷᠠᠵᠦ᠂ 1 ᠰᠠᠷ᠎ᠠ ᠶᠢᠨ 22 ᠤ᠋ᠨ ᠡᠳᠦᠷ(ᠭᠠᠷᠠᠬ ᠤᠨ ᠡᠳᠦᠷ)᠂ 2 ᠰᠠᠷ᠎ᠠ ᠶᠢᠨ 4 ᠤ᠋ ᠡᠳᠦᠷ(ᠭᠠᠷᠠᠬ ᠤᠨ ᠵᠢᠷᠭᠤᠭᠠᠨ)ᠠᠵᠢᠯᠯᠠᠨ᠎ᠠ᠃ 
    ᠨᠡᠭᠡᠭᠡᠭ᠍ᠰᠡᠨ ᠬᠠᠩᠰᠢ᠄ 4 ᠰᠠᠷ᠎ᠠ ᠶᠢᠨ2 ᠡᠴᠡ 4  ᠪᠤᠯᠲᠠᠯ᠎ᠠ ᠨᠡᠶᠢᠲᠡ 3 ᠡᠳᠦᠷ ᠠᠮᠠᠷᠠᠵᠦ᠂ 4 ᠰᠠᠷ᠎ᠠ ᠶᠢᠨ 1 ᠤ᠋ ᠡᠳᠦᠷ (ᠭᠠᠷᠠᠬ ᠤᠨ ᠵᠢᠷᠭᠤᠭᠠᠨ) ᠠᠵᠢᠯᠯᠠᠨ᠎ᠠ᠃
    ᠬᠦᠳᠡᠯᠮᠦᠷᠢᠴᠢᠳ ᠤᠨ ᠪᠠᠶᠠᠷ᠄ 5 ᠰᠠᠷ᠎ᠠ ᠶᠢᠨ 1 ᠤ᠋ ᠡᠳᠦᠷ ᠭᠠᠷᠠᠬ ᠤᠨ ᠰᠡᠭᠦᠯᠴᠢ ᠲᠠᠢ ᠪᠠᠨ ᠵᠠᠯᠭᠠᠵᠦ ᠠᠮᠠᠷᠠᠨ᠎ᠠ᠃ 
    ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠄ 5 ᠰᠠᠷ᠎ᠠ ᠶᠢᠨ 28 ᠡᠴᠡ 30 ᠪᠤᠯᠲᠠᠯ᠎ᠠ ᠨᠡᠶᠢᠲᠡ 3 ᠡᠳᠦᠷ ᠠᠮᠠᠷᠠᠵᠦ᠂ 5 ᠰᠠᠷ᠎ᠠ ᠶᠢᠨ 27 ᠤ᠋ ᠡᠳᠦᠷ (ᠭᠠᠷᠠᠬ ᠤᠨ ᠵᠢᠷᠭᠤᠭᠠᠨ)ᠠᠠᠵᠢᠯᠯᠠᠨ᠎ᠠ᠃ 
    ᠲᠡᠷᠭᠡᠯ ᠰᠠᠷᠠᠨ ᠤ ᠪᠠᠶᠠᠷ᠂ ᠤᠯᠤᠰ ᠪᠠᠶᠢᠭᠤᠯᠤᠬᠳᠠᠬᠰᠠᠨ ᠪᠠᠶᠠᠷ᠄ 10 ᠰᠠᠷ᠎ᠠ ᠶᠢᠨ 1 ᠡᠴᠡ 8 ᠪᠤᠯᠲᠠᠯ᠎ᠠ ᠨᠡᠶᠢᠲᠡ 8 ᠡᠳᠦᠷ ᠠᠮᠠᠷᠠᠵᠦ᠂ 9 ᠰᠠᠷ᠎ᠠ᠎ ᠶᠢᠨ 30 ᠤ᠋ ᠡᠳᠦᠷ(ᠭᠠᠷᠠᠬ ᠤᠨ ᠵᠢᠷᠭᠤᠭᠠᠨ)ᠠᠵᠢᠯᠯᠠᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
010070230030000000000000011120691120041624