蒙古文网站Logo
ᠰᠢᠨᠬᠤᠸᠠ ᠮᠤᠩᠭ᠋ᠤᠯ ᠨᠧᠲ

《ᠮᠤᠩᠭ᠋ᠤᠯ ᠤᠷᠠᠨ ᠵᠤᠬᠢᠶᠠᠯ ᠤᠨ ᠨᠡᠪᠲᠡᠷᠬᠡᠢ ᠲᠡᠦᠬᠡ》ᠨᠤᠮ ᠲᠤᠩ ᠤᠲᠠᠬᠤ ᠦᠭᠡᠢ ᠤᠩᠰᠢᠭᠴᠢᠳ ᠲᠠᠢ ᠵᠤᠯᠭᠠᠨ᠎ᠠ

2016-12-06 17:35

    ᠰᠢᠨᠬᠤᠸᠠ ᠮᠤᠩᠭ᠋ᠤᠯ ᠨᠸᠲ  ᠬᠦᠬᠡᠬᠤᠲᠠ ᠶᠢᠨ 12 ᠰᠠᠷ᠎ᠠ ᠶᠢᠨ 6 ᠤ ᠡᠲᠦᠷ ᠤᠨ ᠴᠠᠬᠢᠯᠭᠠᠨ ᠮᠡᠲᠡᠭᠡ ( ᠬ·ᠦᠵᠡᠰᠭᠦᠯᠡᠩ ) ᠮ·ᠵᠠᠯᠫᠦ᠋ᠩᠭ᠋᠎ᠠᠪᠠ᠊·ᠮᠦᠩᠬᠡ ᠵᠡᠷᠭᠡ ᠡᠷᠲᠡᠮᠲᠡᠳ ᠤᠨ ᠬᠠᠮᠲᠤᠷᠠᠨ ᠨᠠᠢᠢᠷᠠᠭᠤᠯᠵᠤ ᠵᠤᠬᠢᠶᠠᠭᠰᠠᠨ《ᠮᠤᠩᠭ᠋ᠤᠯ ᠤᠷᠠᠨ ᠵᠤᠬᠢᠶᠠᠯ ᠤᠨ ᠨᠡᠪᠲᠡᠷᠬᠡᠢ ᠲᠡᠦᠬᠡ》 ᠨᠤᠮ ᠢ ᠦᠪᠦᠷ ᠮᠤᠩᠭ᠋ᠤᠯ ᠤᠨ ᠰᠤᠷᠭᠠᠨ ᠬᠦᠮᠦᠵᠢᠯ ᠤᠨ ᠬᠡᠪᠯᠡᠯ ᠤᠨ ᠬᠤᠷᠢᠶ᠎ᠠ ᠡᠴᠡ ᠲᠤᠩ ᠤᠲᠠᠬᠤ ᠦᠭᠡᠢ ᠬᠡᠪᠯᠡᠬᠦᠯᠵᠦ ᠤᠩᠰᠢᠭᠴᠢᠳ ᠲᠠᠢ ᠵᠤᠯᠭᠠᠭᠤᠯᠬᠤ ᠪᠡᠷ ᠪᠤᠢ᠃

    《ᠮᠤᠩᠭ᠋ᠤᠯ ᠤᠷᠠᠨ ᠵᠤᠬᠢᠶᠠᠯ ᠤᠨ ᠨᠡᠪᠲᠡᠷᠬᠡᠢ ᠲᠡᠦᠬᠡ》ᠨᠤᠮ ᠤᠨ ᠬᠠᠷᠢᠭᠤᠴᠠᠭᠰᠠᠨ ᠨᠠᠢᠢᠷᠠᠭᠤᠯᠤᠭᠴᠢ᠂ ᠦᠪᠦᠷ ᠮᠤᠩᠭ᠋ᠤᠯ ᠤᠨ ᠰᠤᠷᠭᠠᠨ ᠬᠦᠮᠦᠵᠢᠯ ᠤᠨ ᠬᠡᠪᠯᠡᠯ ᠤᠨ ᠬᠤᠷᠢᠶ᠎ᠠ ᠶᠢᠨ ᠬᠡᠯᠡ ᠪᠢᠴᠢᠭ᠌ ᠨᠠᠢᠢᠷᠠᠭᠤᠯᠬᠤ ᠲᠠᠰᠤᠭ ᠤᠨ ᠨᠠᠢᠢᠷᠠᠭᠤᠯᠤᠭᠴᠢ ᠰᠤᠶᠤᠯ᠄《ᠲᠤᠰ ᠨᠤᠮ ᠮᠠᠲ᠋ᠸᠷᠢᠶᠠᠯ ᠤᠨ ᠬᠤᠪᠢ ᠳᠤ ᠬᠤᠷᠠᠮᠲᠤᠭᠤᠯᠭ᠎ᠠ ᠰᠠᠢᠢᠲᠠᠢ᠂ ᠪᠡᠯᠡᠳᠭᠡᠭ᠍ᠰᠡᠨ ᠬᠤᠭᠤᠴᠠᠭ᠎ᠠ ᠨᠢ ᠤᠷᠲᠤ᠂ ᠤᠷᠠᠨ ᠵᠤᠬᠢᠶᠠᠯ ᠤᠨ ᠲᠡᠦᠬᠡ ᠶᠢᠨ ᠦᠯᠦ ᠮᠡᠲᠡᠭᠲᠡᠬᠦ ᠴᠠᠭ ᠡᠴᠡ ᠬᠤᠷᠢᠨ ᠨᠢᠭᠡᠲᠦᠭᠡᠷ ᠵᠠᠭᠤᠨ ᠬᠦᠷᠳᠡᠯᠡᠬᠢ ᠮᠤᠩᠭ᠋ᠤᠯ ᠤᠷᠠᠨ ᠵᠤᠬᠢᠶᠠᠯ ᠤᠨ ᠲᠡᠦᠬᠡ ᠶᠢ ᠦᠨᠳᠦᠰᠦᠨ ᠳ᠋ᠡᠭᠡᠨ ᠬᠠᠮᠤᠷᠴᠤ ᠬᠢᠲᠠᠳ᠂ ᠲᠦᠪᠡᠳ ᠶᠢᠡᠷ ᠳᠤᠭᠤᠷᠪᠢᠳᠠᠭ ᠮᠤᠩᠭ᠋ᠤᠯ ᠵᠤᠬᠢᠶᠠᠯᠴᠢᠳ ᠢ ᠪᠠᠭᠲᠠᠭᠠᠵᠤ ᠤᠷᠤᠭᠤᠯᠤᠭᠰᠠᠨ ᠨᠢ ᠬᠠᠮᠤᠭ ᠤᠨ ᠲᠤᠪᠤᠢᠢᠮ᠎ᠠ ᠤᠨᠴᠠᠯᠢᠭ ᠪᠤᠯᠵᠠᠢ》ᠭᠡᠯ᠎ᠡ᠃

    ᠤᠢᠢᠯᠠᠭᠠᠭᠰᠠᠨ ᠶᠢᠡᠷ᠂《ᠮᠤᠩᠭ᠋ᠤᠯ ᠤᠷᠠᠨ ᠵᠤᠬᠢᠶᠠᠯ ᠤᠨ ᠨᠡᠪᠲᠡᠷᠬᠡᠢ ᠲᠡᠦᠬᠡ 》ᠨᠤᠮ  ᠲᠠᠪᠤᠨ ᠪᠤᠳᠢ ᠪᠡᠷ ᠪᠦᠷᠢᠯᠲᠦᠵᠦ᠂ ᠵᠢᠯ ᠤᠨ ᠡᠴᠦᠰ ᠶᠢᠡᠷ ᠬᠡᠪᠯᠡᠭᠲᠡᠨ ᠤᠩᠰᠢᠭᠴᠢᠳ ᠲᠠᠢ ᠵᠤᠯᠭᠠᠬᠤ ᠪᠤᠯᠤᠨ᠎ᠠ᠃

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
关闭
010070230030000000000000011120791120060403