蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠠᠩᠬᠠᠳᠤᠭᠠᠷ ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠲᠤᠤᠷ ᠪᠦᠮᠪᠦᠭᠡ ᠶᠢᠨ ᠤᠷᠤᠯᠳᠤᠭᠠᠨ ᠡᠬᠢᠯᠡᠪᠡ

2016-12-06 11:19

    12 ᠰᠠᠷ᠎ᠠ ᠶᠢᠨ 3 ᠤ ᠡᠳᠦᠷ᠂ᠦᠪᠦᠷ ᠮᠤᠩᠭ᠋ᠤᠯ ᠤᠨᠦᠪᠡᠷᠳᠡᠬᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠶᠡᠷᠦᠩᠬᠡᠢ ᠡᠪᠯᠡᠯ ᠪᠤᠯᠤᠨ ᠦᠪᠦᠷ ᠮᠤᠩᠭᠤᠯ ᠤᠨ ᠲᠤᠤᠷ ᠪᠦᠮᠪᠦᠭᠡ ᠶᠢᠨ ᠨᠡᠶᠢᠬᠡᠮᠯᠢᠭ᠌ ᠠᠴᠠ ᠵᠤᠬᠢᠶᠠᠨ ᠪᠠᠶᠢᠭᠤᠯᠤᠭᠰᠠᠨ 2016 ᠤᠨ ᠤ ᠠᠩᠬᠠᠳᠤᠭᠠᠷ ᠬᠤᠭᠤᠴᠠᠭᠠᠨ ᠤ《ᠮᠧᠩ ᠨᠢᠤ ᠬᠤᠨᠳᠠᠭᠠᠳᠤ》ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠯᠠᠭᠤᠴᠤᠳ ᠪᠠᠭᠠᠴᠤᠳ ᠤᠨ ᠲᠤᠤᠷ ᠪᠦᠮᠪᠦᠭᠡ ᠶᠢᠨ ᠢᠯᠡ ᠳᠡᠮᠡᠴᠡᠬᠡᠨ ᠦᠪᠦᠷ ᠮᠤᠩᠭᠤᠯ ᠤᠨ ᠪᠡᠶ᠎ᠠ ᠶᠢᠨ ᠲᠠᠮᠢᠷ ᠤᠨ ᠲᠤᠰᠬᠠᠢ ᠮᠡᠷᠬᠡᠵᠢᠯ ᠤᠨ ᠲᠡᠬᠡᠳᠦ ᠰᠤᠷᠭᠠᠭᠤᠯᠢ ᠳᠤ ᠡᠬᠢᠯᠡᠪᠡ᠃

    ᠦᠪᠦᠷ ᠮᠤᠩᠭ᠋ᠤᠯ ᠤᠨᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠷᠧᠨ ᠶᠠ ᠫᠢᠩ ᠡᠬᠢᠯᠡᠯᠳᠠ ᠶᠢᠨ ᠶᠤᠰᠤᠯᠠᠯ ᠳᠤ ᠤᠷᠤᠯᠴᠠᠵᠤ᠂ ᠳᠡᠮᠡᠴᠡᠬᠡᠨ ᠡᠬᠢᠯᠡᠭᠰᠡᠡ ᠢ ᠵᠠᠷᠯᠠᠵᠠᠢ᠃ ᠲᠤᠰ ᠤᠳᠠᠭᠠᠨ ᠤ ᠳᠡᠮᠡᠴᠡᠬᠡᠨ ᠳᠤ 312 ᠲᠠᠮᠢᠷᠴᠢᠨ ᠤᠷᠤᠯᠴᠠᠵᠤ᠂ ᠡᠷᠡᠭᠳᠡᠢ ᠡᠮᠡᠭᠳᠡᠢ ᠶᠢᠨ U12᠂ U15᠂ U18 ᠭᠤᠷᠪᠠᠨ ᠪᠠᠭ ᠲᠤ ᠬᠤᠪᠢᠶᠠᠭᠳᠠᠠ᠂ ᠨᠠᠶᠢᠳᠠ 410 ᠲᠠᠯᠠᠪᠠᠢ ᠰᠢᠭᠰᠢᠬᠡ ᠳᠡᠮᠡᠴᠡᠬᠡᠨ ᠢ ᠵᠤᠬᠢᠶᠠᠨ ᠪᠠᠶᠢᠭᠤᠯᠬᠤ ᠪᠤᠯᠤᠨ᠎ᠠ᠃ ᠡᠯ᠎ᠠ ᠪᠠᠭ ᠤᠨ ᠡᠮᠦᠨ᠎ᠠ ᠵᠢᠷᠭᠤᠭᠠᠨ ᠪᠠᠶᠢᠷᠢ ᠳᠤ ᠲᠤᠳᠤᠷᠠᠭᠰᠠᠠ ᠲᠠᠮᠢᠷᠴᠢᠳ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠯᠠᠭᠤᠴᠤᠳ ᠪᠠᠭᠠᠴᠤᠳ ᠤᠨ ᠵᠢᠯ ᠤᠨ ᠡᠴᠦᠰ ᠤᠨ ᠰᠢᠢᠳᠪᠤᠷᠢᠳᠤ ᠳᠡᠮᠡᠴᠡᠬᠡᠨ ᠳᠤ ᠤᠷᠤᠯᠴᠠᠬᠤ ᠡᠷᠬᠡ ᠲᠠᠢ᠃ ᠲᠤᠰ ᠤᠳᠠᠭᠠᠨ ᠤ ᠳᠡᠮᠡᠴᠡᠬᠡᠨ ᠳᠤ ᠤᠷᠤᠯᠴᠠᠭᠰᠠᠠ ᠬᠦᠮᠦᠨ ᠤ ᠲᠤᠭ᠎ᠠ ᠪᠤᠯᠤᠨ ᠳᠡᠮᠡᠴᠡᠬᠡᠨ ᠤ ᠲᠦᠷᠦᠯ ᠵᠦᠢᠯ ᠨᠢ ᠴᠦᠮ ᠦᠪᠡᠷᠳᠡᠬᠡᠨ ᠵᠠᠰᠠᠬᠤ ᠤᠷᠤᠨ ᠤ ᠵᠠᠯᠠᠭᠤᠴᠤᠳ ᠪᠠᠭᠠᠴᠤᠳ ᠤᠨ ᠲᠤᠤᠷ ᠪᠦᠮᠪᠦᠭᠡ ᠶᠢᠨ ᠢᠯᠡ ᠳᠡᠮᠡᠴᠡᠬᠡᠨ ᠤ ᠲᠡᠮᠳᠡᠭᠯᠡᠯ ᠢ ᠰᠢᠨᠡᠳᠬᠡᠵᠤ᠂ ᠦᠪᠡᠷᠳᠡᠬᠡᠨ ᠵᠠᠰᠠᠬᠤ ᠤᠷᠤᠨ ᠤ ᠵᠠᠯᠠᠭᠤᠴᠤᠳ ᠪᠠᠭᠠᠴᠤᠳ ᠤᠨ ᠲᠤᠮᠳᠠ ᠲᠤᠤᠷ ᠪᠦᠮᠪᠦᠭᠡ ᠶᠢᠨ ᠪᠠᠬᠠᠳᠠᠳ ᠤᠯᠠᠮ ᠠᠴᠠ ᠤᠯᠠᠮ ᠤᠯᠠᠰᠢᠷᠠᠵᠤ ᠪᠠᠶᠢᠬᠤ ᠶᠢ ᠬᠠᠷᠠᠭᠤᠯᠵᠤ ᠪᠤᠢ᠃

    ᠤᠢᠢᠯᠠᠭᠠᠭᠰᠠᠨ ᠢᠶᠠᠷ᠂ ᠤᠳᠤᠬᠠᠨ ᠳᠤ ᠦᠪᠦᠷ ᠮᠤᠩᠭ᠋ᠤᠯ ᠤᠨ ᠲᠤᠤᠷ ᠪᠦᠮᠪᠦᠭᠡ ᠪᠡᠷ ᠰᠫᠤᠷᠲ᠋ᠯᠠᠵᠤ ᠪᠠᠶᠢᠭ᠎ᠠ ᠬᠦᠮᠦᠨ ᠤ ᠲᠤᠭ᠎ᠠ 11 ᠲᠦᠮᠡ ᠤᠷᠴᠢᠮ ᠳᠤ ᠬᠦᠷᠦᠭᠰᠡᠨ ᠤ ᠲᠤᠳᠤᠷ᠎ᠠ ᠵᠠᠯᠠᠭᠤᠴᠤᠳ ᠪᠠᠭᠠᠴᠤᠳ 3 ᠲᠦᠮᠡ ᠤᠷᠴᠢᠮ ᠢ ᠡᠵᠡᠯᠡᠵᠤ᠂ ᠤᠷᠤᠨ ᠲᠠᠶᠠᠭᠠᠷ ᠲᠤ 1100 ᠭᠠᠷᠤᠢ ᠲᠤᠤᠷ ᠪᠦᠮᠪᠦᠭᠡ ᠶᠢᠨ ᠲᠠᠯᠠᠪᠠᠢ ᠲᠠᠢ ᠪᠤᠯᠵᠠᠢ᠃ (ᠵᠤᠨ᠎ᠠ)

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
关闭
010070230030000000000000011120701120062814