蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ᠄ ᠶᠡᠬᠡ ᠲᠡᠭᠡᠳᠤ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠳᠠ ᠳᠤ ᠨᠡᠷ᠎ᠡ ᠪᠦᠷᠢᠳᠬᠡᠬᠦᠯᠬᠦ ᠳᠤ ᠰᠤᠷᠭᠠᠭᠤᠯᠢ ᠶᠢᠨ ᠵᠠᠬᠢᠷᠤᠯ ᠡᠷᠬᠡᠪᠰᠢ ᠬᠠᠷᠢᠭᠤᠴᠠᠯᠭ᠎ᠠ ᠶᠢᠨ ᠪᠢᠴᠢᠭ᠌᠌ ᠲᠤ ᠭᠠᠷ ᠤᠨ ᠦᠰᠦᠭ ᠵᠢᠷᠤᠨ᠎ᠠ

2016-12-08 10:15

    2017 ᠤᠨ ᠡᠴᠡ ᠦᠪᠦᠷ ᠮᠤᠩᠭᠤᠯ ᠤᠨ ᠶᠡᠬᠡ ᠲᠡᠭᠡᠳᠤ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠳᠠ ᠳᠤ ᠨᠡᠷ᠎ᠡ ᠪᠦᠷᠢᠳᠬᠡᠬᠦᠯᠬᠦ ᠳᠤ ᠲᠤᠮᠳᠠᠳᠤ ᠰᠤᠷᠭᠠᠭᠤᠯᠢ ᠶᠢᠨ ᠵᠠᠬᠢᠷᠤᠯ《ᠲᠤᠮᠳᠠᠳᠤ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠪᠢᠴᠢᠭ᠌》 ᠲᠤ ᠭᠠᠷ ᠤᠨ ᠦᠰᠦᠭ ᠵᠢᠷᠤᠨ᠎ᠠ᠂ ᠲᠤᠰ ᠪᠢᠴᠢᠭ᠌᠌ ᠲᠤ ᠭᠠᠷ ᠤᠨ ᠦᠰᠦᠭ ᠵᠢᠷᠤᠭᠰᠠᠨ ᠦᠭᠡᠢ ᠰᠤᠷᠭᠠᠭᠤᠯᠢ ᠶᠢᠨ ᠨᠡᠷ᠎ᠡ ᠪᠦᠷᠢᠳᠬᠡᠬᠦᠯᠬᠦ ᠠᠵᠢᠯ ᠢ ᠵᠤᠬᠢᠶᠠᠨ ᠪᠠᠶᠢᠭᠤᠯᠬᠤ ᠡᠷᠬᠡ ᠶᠢ ᠨᠢ ᠬᠠᠰᠤᠨ᠎ᠠ᠃

    ᠰᠤᠷᠭᠠᠭᠤᠯᠢ ᠳᠤ ᠨᠢ ᠰᠤᠷᠴᠤ ᠪᠠᠶᠢᠭ᠎ᠠ ᠰᠤᠷᠤᠭᠴᠢ ᠳ᠋ᠠᠭᠠᠨ ᠨᠡᠷ᠎ᠡ ᠪᠦᠷᠢᠳᠬᠡᠬᠦᠯᠬᠦ ᠪᠢᠴᠢᠭ᠌ ᠪᠠᠷᠢᠮᠳᠠ ᠬᠢᠵᠤ ᠦᠭ᠍ᠬᠦ ᠦᠬᠡᠢ᠂ ᠡᠰᠡᠬᠦᠯ᠎ᠡ ᠢᠨᠲ᠋ᠧᠷᠨᠧᠲ ᠢᠶᠡᠷ ᠨᠡᠷ᠎ᠡ ᠪᠦᠷᠢᠳᠬᠡᠬᠦᠯᠬᠦ ᠳ᠋ᠦ ᠨᠦᠬᠦᠴᠡᠯ ᠦᠬᠡᠢ ᠪᠡᠷ ᠦᠢᠯᠡᠴᠢᠯᠡᠬᠡ ᠬᠠᠩᠭᠠᠬᠰᠠᠨ ᠦᠬᠡᠢ᠂ ᠬᠠᠮᠢᠶᠠᠳᠠᠢ ᠪᠤᠯᠪᠠᠰᠤᠷᠠᠯ ᠡᠷᠬᠢᠯᠡᠭᠰᠡᠨ ᠦᠭᠡᠢ ᠳᠤᠬᠢᠶᠠᠯᠳᠤᠯ ᠳᠤ ᠳᠤᠰ ᠰᠤᠷᠭᠠᠭᠤᠯᠢ ᠶᠢᠨ ᠵᠠᠬᠢᠷᠤᠯ ᠢ ᠤᠷᠤᠨ ᠲᠠᠶᠠᠭᠠᠷ ᠤᠨ ᠬᠡᠮᠵᠢᠶᠡᠨ ᠳᠤ ᠵᠠᠷᠯᠠᠨ ᠰᠢᠬᠦᠮᠵᠢᠯᠡᠨ᠎ᠡ᠃ ᠲᠤᠭᠳᠠᠭᠰᠠᠨ ᠲᠦᠷᠢᠮ ᠶᠤᠰᠤ ᠪᠡᠷ ᠨᠡᠷ᠎ᠡ ᠪᠦᠷᠢᠳᠬᠡᠬᠦᠯᠬᠦ ᠠᠵᠢᠯ ᠢᠶᠡᠨ ᠬᠢᠭ᠍ᠰᠡᠨ ᠦᠭᠡᠢ᠂ ᠨᠡᠷ᠎ᠡ ᠪᠦᠷᠢᠳᠬᠡᠬᠦᠯᠬᠦ ᠨᠦᠬᠦᠴᠡᠯ ᠳᠤ ᠨᠡᠶᠢᠴᠡᠬᠦ ᠦᠭᠡᠢ ᠰᠢᠯᠭᠠᠭᠤᠯᠤᠭᠰᠠᠳ ᠢ ᠨᠡᠷ᠎ᠡ ᠪᠦᠷᠢᠳᠬᠡᠬᠦᠯᠤᠭ᠍ᠰᠡᠨ᠂ ᠰᠤᠷᠤᠭᠴᠢ ᠡᠯᠰᠡᠯᠳᠡ ᠶᠢᠨ ᠠᠵᠢᠯᠳᠠᠨ ᠡᠷᠬᠡ ᠪᠡᠨ ᠠᠰᠢᠭᠯᠠᠨ ᠠᠮᠢ ᠪᠡᠨ ᠪᠤᠷᠳᠤᠭᠰᠠᠨ ᠪᠦᠭᠡᠳ ᠪᠠᠶᠢᠳᠠᠯ ᠨᠢ ᠬᠦᠨᠳᠦ ᠨᠤᠴᠢᠳᠠᠢ ᠵᠡᠷᠬᠡ ᠠᠰᠠᠭᠤᠳᠠᠯ ᠲᠠᠢ ᠬᠤᠰᠢᠭᠤ ᠰᠢᠶᠠᠨ ᠤ ᠨᠡᠷ᠎ᠡ ᠪᠦᠷᠢᠳᠬᠡᠬᠦᠯᠬᠦ ᠡᠷᠬᠡ ᠪᠤᠯᠤᠨ ᠰᠢᠯᠭᠠᠬᠤ ᠴᠢᠬ ᠢ ᠬᠠᠰᠤᠨ᠎ᠠ᠃ ᠡᠯ᠎ᠡ ᠳᠦᠷᠦᠯ ᠤᠨ ᠲᠦᠷᠢᠮ ᠡᠴᠡ ᠵᠦᠷᠢᠴᠡᠭᠰᠡᠨ ᠠᠵᠢᠯᠯᠠᠭ᠎ᠠ ᠶᠢ ᠦᠪᠦᠷ ᠮᠤᠩᠭ᠋᠋ᠤᠯ ᠤᠨ ᠰᠤᠷᠤᠭᠴᠢ ᠡᠯᠰᠡᠬᠦ ᠰᠢᠯᠭᠠᠯᠳᠠ ᠶᠢᠨ ᠰᠤᠷᠠᠭ ᠵᠠᠩᠬᠢ ᠶᠢᠨ ᠨᠧᠲ ᠢᠶᠡᠷ ᠢᠯᠡᠴᠢᠯᠡᠨ ᠮᠡᠳᠡᠬᠦᠯᠬᠦ ᠪᠤᠶᠤ ᠬᠤᠯᠪᠤᠭᠳᠠᠯ ᠪᠦᠬᠦᠢ ᠪᠠᠶᠢᠭᠤᠯᠤᠯᠭ᠎ᠠ ᠳᠤ ᠰᠢᠭᠤᠳ ᠢᠯᠡᠴᠢᠯᠡᠨ ᠮᠡᠳᠡᠬᠦᠯᠵᠤ ᠪᠤᠯᠤᠨ᠎ᠠ᠃ ᠢᠯᠡᠴᠢᠯᠡᠨ ᠮᠡᠳᠡᠬᠦᠯᠦᠭᠰᠡᠨ ᠬᠡᠷᠡᠭ ᠤᠨ ᠦᠨᠡᠨ ᠪᠤᠳᠠᠲᠠᠢ ᠶᠢ ᠪᠠᠶᠢᠴᠠᠭᠠᠨ ᠳᠤᠳᠤᠯᠠᠭᠰᠠᠨ ᠤ ᠲᠠᠷᠠᠭ᠎ᠠ ᠠᠩᠬᠠᠯᠠᠨ ᠮᠡᠳᠡᠬᠦᠯᠦᠭᠰᠡᠨ ᠬᠦᠮᠦᠨ ᠢ 1000 ᠲᠦᠬᠦᠷᠢᠭ᠌᠌ ᠢᠶᠡᠷ ᠱᠠᠩᠨᠠᠨ᠎ᠡ᠃

    ᠨᠡᠷ᠎ᠡ ᠪᠦᠷᠢᠳᠬᠡᠬᠦᠯᠬᠦ ᠳ᠋ᠡᠬᠡᠨ ᠬᠠᠭᠤᠷᠮᠠᠭ ᠰᠤᠷᠠᠭ ᠵᠠᠩᠬᠢ ᠬᠠᠩᠭᠠᠭᠰᠠᠨ᠂ ᠬᠠᠭᠤᠷᠮᠠᠭ ᠮᠠᠲ᠋ᠧᠷᠢᠶᠠᠯ ᠢᠶᠡᠷ ᠨᠡᠷ᠎ᠡ ᠪᠦᠷᠢᠳᠬᠡᠬᠦᠯᠬᠦ ᠡᠷᠬᠡ ᠤᠯᠤᠭᠰᠠᠨ᠂ ᠨᠡᠷ᠎ᠡ ᠪᠦᠷᠢᠳᠬᠡᠬᠦᠯᠬᠦ ᠨᠦᠬᠦᠴᠡᠯ ᠳᠤ ᠨᠡᠶᠢᠴᠡᠬᠦ ᠦᠭᠡᠢ ᠪᠠᠶᠢᠳᠠᠯ᠎ᠠ ᠪᠡᠨ ᠨᠡᠷ᠎ᠡ ᠪᠦᠷᠢᠳᠬᠡᠬᠦᠯᠵᠤ ᠴᠢᠳᠠᠭᠰᠠᠨ ᠵᠡᠷᠬᠡ ᠰᠢᠯᠭᠠᠭᠤᠯᠤᠭᠰᠠᠳ ᠰᠢᠯᠭᠠᠬᠤ ᠡᠴᠡ ᠡᠮᠦᠨ᠎ᠡ ᠪᠠᠶᠢᠴᠠᠭᠠᠨ ᠲᠤᠳᠤᠯᠠᠭᠳᠠᠭᠰᠠᠨ ᠪᠤᠯ ᠨᠡᠷ᠎ᠡ ᠪᠦᠷᠢᠳᠬᠡᠬᠦᠯᠬᠦ ᠡᠷᠬᠡ ᠪᠤᠯᠤᠨ ᠰᠢᠯᠭᠠᠬᠤ ᠡᠷᠬᠡ ᠪᠡᠨ ᠬᠠᠰᠤᠭᠤᠯᠤᠨ᠎ᠠ᠂ ᠰᠢᠯᠭᠠᠭᠰᠠᠨ ᠤ ᠲᠠᠷᠠᠭ᠎ᠠ ᠪᠠᠶᠢᠴᠠᠭᠠᠨ ᠲᠤᠳᠤᠯᠠᠭᠳᠠᠭᠰᠠᠨ ᠪᠤᠯ ᠰᠢᠯᠭᠠᠯᠳᠠ ᠶᠢᠨ ᠳ᠋ᠦᠩ ᠪᠤᠯᠤᠨ ᠡᠯᠰᠡᠬᠦᠯᠬᠦ ᠡᠷᠬᠡ ᠪᠡᠨ ᠬᠠᠰᠤᠭᠤᠯᠤᠨ᠎ᠠ᠂ ᠡᠯᠰᠡᠭᠳᠡᠭᠰᠡᠨ ᠤ ᠲᠠᠷᠠᠭ᠎ᠠ ᠪᠠᠶᠢᠴᠠᠭᠠᠨ ᠲᠤᠳᠤᠯᠠᠭᠳᠠᠭᠰᠠᠨ ᠪᠤᠯ ᠰᠤᠷᠭᠠᠭᠤᠯᠢ ᠳᠤ ᠤᠷᠤᠬᠤ ᠡᠷᠬᠡ ᠪᠡᠨ ᠬᠠᠰᠤᠭᠤᠯᠵᠤ᠂ ᠰᠤᠷᠭᠠᠭᠤᠯᠢ ᠳᠤ ᠤᠷᠤᠭᠰᠠᠨ ᠤ ᠲᠠᠷᠠᠭ᠎ᠠ ᠪᠠᠶᠢᠴᠠᠭᠠᠨ ᠲᠤᠳᠤᠯᠠᠭᠳᠠᠭᠰᠠᠨ ᠪᠤᠯ ᠰᠤᠷᠤᠯᠭ᠎ᠠ ᠶᠢᠨ ᠬᠠᠷᠢᠶᠠᠯᠠᠯ ᠡᠴᠡ ᠬᠠᠰᠤᠭᠳᠠᠨ᠎ᠠ᠃

    ᠲᠦᠷᠢᠮ ᠡᠴᠡ ᠵᠦᠷᠢᠴᠡᠨ ᠡᠷᠦᠬᠡ ᠠᠮᠠ ᠶᠢᠨ ᠬᠠᠷᠢᠶᠠᠯᠠᠯ ᠪᠤᠯᠤᠨ ᠰᠤᠷᠤᠯᠭ᠎ᠠ ᠶᠢᠨ ᠬᠠᠷᠢᠶᠠᠯᠠᠯ ᠬᠢᠭ᠍ᠰᠡᠨ᠂ ᠰᠤᠷᠤᠯᠭ᠎ᠠ ᠶᠢᠨ ᠨᠠᠮᠳᠠᠷ ᠢᠶᠡᠨ ᠬᠠᠭᠤᠷᠮᠠᠭ ᠢᠶᠡᠷ ᠵᠤᠬᠢᠶᠠᠭᠰᠠᠨ ᠪᠤᠶᠤ ᠲᠤᠷᠰᠢ ᠰᠤᠷᠤᠯᠴᠠᠬᠰᠠᠨ ᠢᠶᠡᠷ ᠵᠠᠰᠠᠮᠵᠢᠯᠠᠬᠰᠠᠨ᠂ ᠦᠨᠳᠦᠰᠦᠲᠡᠨ ᠤ ᠬᠠᠷᠢᠶᠠᠯᠠᠯ ᠢᠶᠡᠨ ᠬᠤᠪᠢᠷᠠᠭᠤᠯᠤᠭᠰᠠᠨ᠂ ᠤᠷᠤᠰᠢᠨ ᠰᠠᠭᠤᠬᠤ ᠦᠨᠡᠮᠯᠡᠬᠦ ᠪᠤᠶᠤ ᠠᠵᠢᠯ ᠤᠨ ᠦᠨᠡᠮᠯᠡᠬᠦ᠂ ᠨᠡᠶᠢᠬᠡᠮ ᠤᠨ ᠪᠠᠳᠤᠯᠠᠭ᠎ᠠ᠂ ᠭᠠᠶᠢᠯᠢ ᠲᠤᠰᠢᠶᠠᠭᠰᠠᠨ ᠲᠤᠳᠤᠷᠬᠠᠶᠢᠯᠠᠯᠳᠠ ᠵᠡᠷᠬᠡ ᠪᠡᠨ ᠬᠠᠭᠤᠷᠮᠠᠭ ᠢᠶᠡᠷ ᠬᠠᠩᠭᠠᠭᠰᠠᠨ ᠬᠤᠯᠪᠤᠭᠳᠠᠯ ᠪᠦᠬᠦᠢ ᠬᠦᠮᠦᠰ ᠢ ᠬᠠᠤᠯᠢ ᠶᠤᠰᠤᠭᠠᠷ ᠴᠢᠩᠭ᠎ᠠ ᠰᠢᠳᠬᠡᠨ᠎ᠡ᠃

    ᠶᠡᠬᠡ ᠲᠡᠭᠡᠳᠤ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠳᠠ ᠳᠤ ᠤᠷᠤᠯᠴᠠᠬᠤ ᠵᠤᠷᠢᠯᠭ᠎ᠠ ᠪᠡᠷ ᠦᠬᠡᠷ᠎ᠡ ᠭᠠᠵᠠᠷ ᠨᠡᠬᠦᠵᠤ ᠨᠡᠷ᠎ᠡ ᠪᠦᠷᠢᠳᠬᠡᠬᠦᠯᠦᠭᠰᠡᠨ ᠬᠦᠮᠦᠰ ᠡᠴᠡ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠪᠡᠷ ᠪᠠᠷᠠᠬᠤ ᠦᠭᠡᠢ ᠪᠠᠰᠠ ᠭᠤᠤᠯ ᠤᠳᠤᠷᠢᠳᠤᠯᠭ᠎ᠠ ᠪᠤᠯᠤᠨ ᠬᠤᠯᠪᠤᠭᠳᠠᠯ ᠪᠦᠬᠦᠢ ᠤᠳᠤᠷᠢᠳᠤᠯᠭ᠎ᠠ ᠡᠴᠡ ᠬᠠᠷᠢᠭᠤᠴᠠᠯᠭ᠎ᠠ ᠨᠡᠬᠡᠮᠵᠢᠯᠡᠨ᠎ᠡ᠃ ᠬᠡᠮᠳᠦ ᠬᠡᠷᠡᠭ ᠲᠤ ᠬᠦᠷᠦᠭᠰᠡᠨ ᠪᠤᠯ ᠬᠠᠤᠯᠢ ᠴᠠᠭᠠᠵᠠ ᠶᠢᠨ ᠪᠠᠶᠢᠭᠤᠯᠤᠯᠭ᠎ᠠ ᠡᠴᠡ ᠬᠠᠤᠯᠢ ᠶᠤᠰᠤᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
关闭
010070230030000000000000011120691120073432