蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠤᠨ ᠲᠦᠷᠭᠡᠨ ᠭᠤᠪᠢᠭᠤᠯᠭ᠎ᠠ ᠶᠢᠨ ᠬᠡᠮᠵᠢᠶ᠎ᠡ ᠵᠠᠯᠭᠠᠪᠠᠷ ᠳᠡᠯᠡᠬᠡᠢ ᠳᠤ ᠲᠡᠷᠢᠭᠦᠯᠡᠪᠡ

2016-12-20 16:15

    ᠰᠢᠨᠬᠤᠸᠠ ᠬᠤᠷᠢᠶ᠎ᠠ  ᠪᠡᠭᠡᠵᠢᠩ ᠤᠨ 12 ᠰᠠᠷ᠎ᠠ ᠶᠢᠨ 20 ᠤ᠋ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠵᠤᠤ ᠸᠸᠨ ᠵᠢᠶᠦ᠋ᠨ) ᠤᠯᠤᠰ ᠤᠨ ᠰᠢᠦᠳᠡᠨ ᠤ ᠲᠤᠪᠴᠢᠶ᠎ᠠ ᠶᠢᠨ 20 ᠤ᠋ ᠡᠳᠦᠷ ᠤᠨ ᠨᠡᠶᠢᠲᠡᠯᠡᠭᠰᠡᠨ ᠬᠠᠮᠤᠬ ᠤᠨ ᠰᠢᠨ᠎ᠡ ᠪᠦᠷᠢᠳᠬᠡᠯ ᠡᠴᠡ ᠲᠤᠳᠤᠷᠠᠭᠤᠯᠪᠠᠯ᠂ 2016 ᠤᠨ ᠤ ᠲᠦᠷᠭᠡᠨ ᠵᠠᠬᠢᠶᠠᠯᠠᠭ᠎ᠠ ᠶᠢᠨ ᠲᠤᠭ᠎ᠠ ᠲᠤᠰ ᠡᠳᠦᠷ 300 ᠳ᠋ᠦ᠋ᠩᠰᠢᠭᠤᠷ ᠢ ᠳᠠᠪᠠᠵᠦ᠂ ᠦᠩᠭᠡᠷᠡᠭᠰᠡᠨ ᠤᠨ ᠤ ᠮᠦᠨ ᠦᠶ᠎ᠡ ᠡᠴᠡ 53% ᠪᠡᠷ ᠨᠡᠮᠡᠭᠳᠡᠨ᠂ ᠵᠠᠯᠭᠠᠪᠠᠷ ᠳᠡᠯᠡᠬᠡᠢ ᠶᠢᠨ ᠲᠡᠷᠢᠭᠦᠨ ᠳᠤ ᠪᠠᠶᠢᠷᠢᠯᠠᠬᠰᠠᠨ ᠪᠠᠶᠢᠨ᠎ᠠ᠃

    ᠪᠦᠷᠢᠳᠬᠡᠯ ᠢ ᠦᠨᠳᠦᠰᠦᠯᠡᠪᠡᠯ᠂ ᠡᠨᠡ ᠤᠨ ᠤ ᠲᠦᠷᠦᠭᠦᠦ 11 ᠰᠠᠷ᠎ᠠ ᠳᠤ ᠮᠠᠨ ᠤ ᠤᠯᠤᠰ ᠤᠨ ᠲᠦᠷᠭᠡᠨ ᠭᠤᠪᠢᠭᠤᠯᠭ᠎ᠠ ᠶᠢᠨ ᠦᠢᠯᠡᠴᠢᠯᠡᠭᠡᠨ ᠤ ᠠᠵᠦ ᠠᠬᠤᠶᠢᠯᠠᠯ ᠨᠡᠶᠢᠲᠡ 278.9 ᠳ᠋ᠦ᠋ᠩᠰᠢᠭᠤᠷ ᠲᠦᠷᠭᠡᠨ ᠵᠠᠬᠢᠶᠠᠯᠠᠭ᠎ᠠ ᠬᠦᠯᠢᠶᠡᠨ ᠠᠪᠴᠤ ᠰᠢᠢᠳᠪᠤᠷᠢᠯᠡᠨ᠂ ᠦᠩᠭᠡᠷᠡᠭᠰᠡᠨ ᠤᠨ ᠤ ᠮᠦᠨ ᠦᠶ᠎ᠡ ᠡᠴᠡ ᠪᠠᠨ 52.8% ᠪᠡᠷ ᠨᠡᠮᠡᠭᠳᠡᠵᠦ᠂ ᠨᠡᠶᠢᠲᠡ 3544.1 ᠳ᠋ᠦ᠋ᠩᠰᠢᠭᠤᠷ ᠲᠦᠭᠦᠷᠢᠭ᠌ ᠤᠨ ᠤᠷᠤᠯᠭ᠎ᠠ ᠵᠢ ᠪᠡᠶᠡᠯᠡᠭᠦᠯᠵᠦ᠂ ᠦᠩᠭᠡᠷᠡᠭᠰᠡᠨ ᠤᠨ ᠤ ᠮᠦᠨ ᠦᠶ᠎ᠡ ᠡᠴᠡ 44.3% ᠪᠡᠷ ᠨᠡᠮᠡᠭᠳᠡᠭᠰᠡᠨ ᠪᠠᠶᠢᠨ᠎ᠠ᠃ ᠡᠨᠡ ᠤᠨ ᠤ 11 ᠳ᠋ᠤᠭᠡᠷ ᠰᠠᠷ᠎ᠠ ᠨᠢ ᠲᠦᠷᠭᠡᠨ ᠭᠤᠪᠢᠭᠤᠯᠭ᠎ ᠠ ᠶᠢᠨ ᠦᠢᠯᠡᠰ ᠤᠨ ᠲᠡᠦᠬᠡᠨ ᠳᠡᠬᠢ ᠬᠠᠮᠤᠬ ᠤᠨ ᠶᠠᠭᠠᠷᠠᠦ ᠨᠢᠭᠡ ᠰᠠᠷ᠎ᠠ ᠪᠠᠶᠢᠵᠦ᠂ ᠡᠳᠦᠷ ᠲᠤ ᠳᠤᠮᠳᠠᠴᠢ ᠪᠡᠷ 1.25 ᠳ᠋ᠦ᠋ᠩᠰᠢᠭᠤᠷ ᠲᠦᠷᠭᠡᠨ ᠵᠠᠬᠢᠶᠠᠯᠠᠭ᠎ᠠ ᠵᠢ ᠰᠢᠢᠳᠪᠦᠷᠢᠯᠡᠵᠦ᠂ ᠦᠩᠭᠡᠷᠡᠭᠰᠡᠨ ᠤᠨ ᠤ ᠮᠦᠨ ᠦᠶ᠎ᠡ ᠡᠴᠡ ᠪᠠᠨ 1.4 ᠳᠠᠬᠢᠨ ᠢᠶᠡᠷ ᠨᠡᠮᠡᠭᠳᠡᠵᠡᠢ᠃ ᠰᠠᠶ᠊ᠢᠬᠠᠨ ᠦᠩᠭᠡᠷᠡᠭᠰᠡᠨ 《ᠬᠤᠤᠰ 12》 ᠤ᠋ᠨ ᠬᠤᠭᠤᠴᠠᠭᠠᠨ ᠳᠤ ᠪᠦᠬᠦᠯᠢ ᠡᠳᠦᠷ ᠤᠨ ᠰᠢᠦᠳᠡᠨ ᠤ ᠠᠵᠦ ᠠᠬᠤᠶᠢᠯᠠᠯ᠂ ᠲᠦᠷᠭᠡᠨ ᠭᠤᠪᠢᠭᠤᠯᠭ᠎ᠠ  ᠶᠢᠨ ᠠᠵᠦ ᠠᠬᠤᠶᠢᠯᠠᠯ ᠤᠨ ᠬᠤᠷᠢᠶᠠᠬᠰᠠᠨ ᠵᠠᠬᠢᠶᠠᠯᠠᠭ᠎ᠠ 1.76 ᠳ᠋ᠦ᠋ᠩᠰᠢᠭᠤᠷ ᠲᠤ ᠬᠦᠷᠴᠦ᠂ ᠦᠩᠭᠡᠷᠡᠭᠰᠡᠨ ᠤᠨ ᠤ ᠮᠦᠨ ᠦᠶ᠎ᠡ ᠡᠴᠡ 55.75% ᠪᠡᠷ ᠨᠡᠮᠡᠭᠳᠡᠵᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011100001120153773