蒙古文网站Logo
ᠰᠢᠨᠬᠤᠸᠠ ᠮᠤᠩᠭ᠋ᠤᠯ ᠨᠧᠲ

2017 ᠤᠨ ᠤ ᠮᠠᠬᠢᠰᠲ᠋ᠷ ᠤᠨ ᠰᠢᠯᠭᠠᠯᠲᠠ ᠳᠤ ᠨᠡᠷ᠎ᠡ ᠪᠦᠷᠢᠳᠬᠡᠬᠦᠯᠦᠭ᠍ᠰᠡᠳ  ᠤᠨ ᠲᠤᠭ᠎᠎ᠠ 200 ᠲᠦᠮᠡ ᠵᠢ ᠳᠠᠪᠠᠪᠠ

2016-12-26 10:23

    2014 ᠤᠨ ᠪᠠ 2015 ᠤᠨ ᠳᠤ ᠮᠠᠭᠢᠰᠲ᠋ᠷ ᠰᠢᠯᠭᠠᠭᠤᠯᠤᠬᠰᠠᠳ ᠤᠨ ᠲᠤᠭ᠎ᠠ ᠵᠢᠯ ᠳᠠᠷᠠᠭᠠᠯᠠᠨ ᠪᠠᠭᠤᠷᠠᠬᠰᠠᠨ ᠪᠤᠯᠪᠠᠴᠤ 2017 ᠤᠨ ᠳᠤ ᠬᠠᠷᠢᠨ ᠨᠡᠮᠡᠭᠳᠡᠭᠡᠳ 200 ᠲᠦᠮᠡ ᠵᠢ ᠳᠠᠪᠠᠵᠠᠢ᠃ ᠠᠵᠢᠯ ᠤᠨ ᠪᠠᠶᠢᠷᠢᠨ ᠡᠴᠡ ᠮᠠᠬᠢᠰᠲ᠋ᠷ ᠰᠢᠯᠭᠠᠭᠤᠯᠤᠬᠰᠠᠳ ᠢ ᠠᠨᠭᠬ᠎ᠠ ᠤᠳᠠᠭ᠎ᠠ ᠤᠯᠤᠰ ᠤᠨ ᠨᠢᠭᠡᠳᠦᠯᠲᠡᠢ ᠰᠢᠯᠭᠠᠯᠲᠠ ᠳᠤ ᠬᠠᠮᠤᠷᠠᠭᠤᠯᠤᠬᠰᠠᠨ ᠢᠶᠡᠷ᠂ ᠰᠤᠷᠭᠠᠨ ᠬᠦᠮᠦᠵᠢᠯ ᠤᠨ ᠶᠠᠮᠤᠨ ᠤ 12 ᠰᠠᠷ᠎ᠠ ᠶᠢᠨ 24 ᠤ᠋ ᠡᠳᠦᠷ(2017 ᠤᠨ ᠤ ᠤᠯᠤᠰ ᠳᠠᠶᠠᠭᠠᠷ ᠤᠨ ᠮᠠᠬᠢᠰᠲ᠋ᠷ ᠡᠯᠰᠡᠬᠦ ᠰᠢᠯᠭᠠᠯᠲᠠ ᠶᠢᠨ ᠠᠨᠭᠬᠠᠨ ᠤ ᠡᠳᠦᠷ) ᠤᠨ ᠨᠡᠶᠢᠲᠡᠯᠡᠭᠰᠡᠨ ᠳ᠋ᠠᠶᠢᠲ᠋ᠠ ᠡᠴᠡ ᠳᠤᠳᠤᠷᠠᠭᠤᠯᠪᠠᠯ ᠲᠤᠰ ᠤᠳᠠᠭᠠᠨ ᠤ ᠰᠢᠯᠭᠠᠯᠲᠠ ᠳᠤ ᠨᠡᠶᠢᠲᠡ 201 ᠲᠦᠮᠡᠨ ᠬᠦᠮᠦᠨ ᠨᠡᠷ᠎ᠡ ᠪᠦᠷᠢᠳᠬᠡᠭᠦᠯᠵᠦ ᠰᠢᠯᠭᠠᠭᠤᠯᠬᠰᠠᠨ ᠪᠠᠶᠢᠨ᠎ᠠ᠃ ᠡᠭᠦᠨ ᠢ 2016 ᠤᠨ ᠤ ᠬᠢ ᠲᠠᠢ ᠬᠠᠷᠢᠴᠠᠭᠤᠯᠪᠠᠯ ᠨᠡᠷ᠎ᠡ ᠪᠦᠷᠢᠳᠬᠡᠭᠦᠯᠦᠭᠰᠡᠳ ᠤᠨ ᠲᠤᠭ᠎ᠠ 24 ᠲᠦᠮᠡ ᠪᠤᠶᠤ13% ᠪᠡᠷ ᠨᠡᠮᠡᠭᠳᠡᠵᠡᠢ᠃

ᠢᠷᠡᠯᠳᠡ᠄ ᠭᠤᠸᠠᠩ ᠮᠢᠩ ᠡᠳᠦᠷ ᠤᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011100001120187459