蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ ᠤᠨ2016 ᠤᠨ ᠤ ᠤᠷᠤᠯᠭ᠎ᠠ ᠵᠠᠷᠤᠯᠭ᠎ᠠ ᠪᠦᠷ ᠰᠢᠨ᠎ᠡ ᠠᠬᠢᠯᠲᠠ ᠲᠠᠢ ᠪᠤᠯᠪᠠ

2017-01-03 17:17

    ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠬ ᠤᠨ ᠲᠢᠩᠬᠢᠮ ᠤᠨ 1 ᠰᠠᠷ ᠎ᠠ ᠶᠢᠨ 2 ᠤ᠋ᠨ ᠡᠳᠦᠷ ᠤᠨ ᠮᠡᠳᠡᠭᠡ ᠵᠢ ᠦᠨᠳᠦᠰᠦᠯᠡᠪᠡᠯ᠂ 2016 ᠤᠨ ᠳᠤ ᠦᠪᠦᠷ ᠮᠤᠨᠭᠭᠤᠯ ᠤᠨ ᠶᠡᠷᠦ ᠶᠢᠨ ᠨᠡᠶᠢᠲᠡ ᠶᠢᠨ ᠲᠦᠰᠦᠪ ᠤᠨ ᠤᠷᠤᠯᠭ᠎ᠠ 2000 ᠳ᠋ᠦ᠋ᠩᠰᠢᠭᠤᠷ ᠲᠦᠭᠦᠷᠢᠭ᠌ ᠢ ᠪᠡᠶᠡᠯᠡᠭᠦᠯᠵᠦ᠂ ᠰᠢᠨ᠎ᠡ ᠠᠬᠢᠯᠲᠠ ᠵᠢ ᠪᠤᠢ ᠪᠤᠯᠭᠠᠬᠰᠠᠨ ᠪᠠ ᠶᠡᠷᠦ ᠶᠢᠨ ᠨᠡᠶᠢᠲᠡ ᠶᠢᠨ ᠲᠦᠰᠦᠪ ᠤᠨ ᠵᠠᠷᠤᠯᠭ᠎ᠠ 4500 ᠳ᠋ᠦ᠋ᠩᠰᠢᠭᠤᠷ ᠲᠦᠭᠦᠷᠢᠭ᠌ ᠢ ᠳᠠᠪᠠᠵᠦ ᠡᠳ᠋ ᠤᠨ ᠵᠠᠰᠠᠬ ᠤᠨ ᠵᠠᠷᠤᠯᠭ᠎ᠠ ᠶᠢᠨ ᠬᠡᠪᠴᠢᠶ᠎ᠠ ᠦᠷᠭᠦᠯᠵᠢᠯᠡᠨ ᠲᠡᠯᠡᠵᠦ᠂ ᠴᠠᠯᠢᠩ ᠢ ᠪᠠᠲᠤᠯᠠᠬᠤ᠂ ᠡᠷᠬᠢᠯᠲᠡ ᠵᠢ ᠪᠠᠲᠤᠯᠠᠬᠤ᠂ ᠦᠨᠳᠦᠰᠦᠨ ᠠᠷᠠᠳ ᠤᠨ ᠠᠮᠢᠵᠢᠷᠠᠭ᠎ᠠ ᠵᠢ ᠪᠠᠲᠤᠯᠠᠬᠤ ᠱᠠᠭᠠᠷᠳᠠᠯᠭ᠎ᠠ ᠵᠢ ᠲᠤᠤᠱᠯᠠᠭᠤᠯᠵᠦ᠂ ᠦᠪᠡᠷᠲᠡᠭᠡᠨ ᠵᠠᠰᠬᠠᠤ ᠤᠷᠤᠨ ᠤ ᠡᠳ᠋ ᠤᠨ ᠵᠠᠰᠠᠬ ᠤᠨ ᠲᠤᠬᠲᠠᠭᠤᠨ ᠦᠰᠦᠯᠲᠠ ᠵᠢ ᠠᠬᠢᠭᠤᠯᠤᠨ᠂ ᠨᠡᠶᠢᠭᠡᠮ ᠤᠨ ᠡᠯ᠎ᠡ ᠲᠦᠷᠦᠯ ᠤᠨ ᠠᠵᠢᠯ ᠦᠢᠯᠡᠰ ᠤᠨ ᠬᠦᠭ᠍ᠵᠢᠯᠲᠡ ᠵᠢ ᠳᠡᠮᠵᠢᠵᠡᠢ᠃

    ᠠᠨᠭᠬᠠᠨ ᠤ ᠪᠦᠷᠢᠳᠬᠡᠯ ᠢᠶᠡᠷ᠂ 2016 ᠤᠨ ᠳᠤ ᠦᠪᠦᠷ ᠮᠤᠨᠭᠭᠤᠯ ᠤᠨ ᠶᠡᠷᠦ ᠶᠢᠨ ᠨᠡᠶᠢᠲᠡ ᠶᠢᠨ ᠲᠦᠰᠦᠪ ᠤᠨ ᠤᠷᠤᠯᠭ᠎ᠠ 2016.5 ᠳ᠋ᠦ᠋ᠩᠰᠢᠭᠤᠷ ᠲᠦᠭᠦᠷᠢᠭ᠌᠂ 2015 ᠤᠨ ᠡᠴᠡ 52.0 ᠳ᠋ᠦ᠋ᠩᠰᠢᠭᠤᠷ ᠲᠦᠭᠦᠷᠢᠭ᠌ ᠪᠤᠶᠤ 2.6% ᠪᠡᠷ ᠨᠡᠮᠡᠭᠳᠡᠵᠦ᠂ ᠡᠵᠡᠩᠨᠡᠯᠲᠡ ᠶᠢᠨ ᠭᠠᠶᠢᠯᠢ ᠵᠢ ᠨᠡᠮᠡᠭᠳᠡᠯ ᠦᠷᠲᠡᠭ ᠤᠨ ᠭᠠᠶᠢᠯᠢ ᠪᠤᠯᠭᠠᠬᠰᠠᠨ ᠵᠡᠷᠭᠡ ᠭᠠᠶᠢᠯᠢ ᠬᠠᠰᠤᠵᠦ ᠲᠦᠯᠦᠪᠦᠷᠢ ᠪᠠᠭᠤᠷᠠᠭᠤᠯᠤᠬᠰᠠᠨ ᠲᠦᠷᠦ ᠶᠢᠨ ᠪᠤᠳᠤᠯᠭ᠎ᠠ ᠶᠢᠨ ᠴᠢᠨᠠᠷᠲᠠᠢ ᠨᠦᠯᠦᠭᠡᠯᠡᠯ ᠤᠳ ᠢ ᠪᠤᠳᠤᠬᠤ ᠦᠭᠡᠢ ᠪᠡᠷ ᠠᠳᠠᠯᠢ ᠬᠡᠮᠵᠢᠶᠡᠨ ᠳᠤ 7.0%  ᠢ᠋ᠢᠡᠷ ᠨᠡᠮᠡᠭᠳᠡᠵᠡᠢ᠃ ᠡᠭᠦᠨ ᠳᠤ ᠭᠠᠶᠢᠯᠢ ᠶᠢᠨ ᠤᠷᠤᠯᠭ᠎ᠠ 1335.9 ᠳ᠋ᠦ᠋ᠩᠰᠢᠭᠤᠷ ᠲᠦᠭᠦᠷᠢᠭ᠌᠂ 1.1% ᠪᠡᠷ ᠨᠡᠮᠡᠭᠳᠡᠵᠦ᠂ ᠭᠠᠶᠢᠯᠢ ᠶᠢᠨ ᠪᠤᠰᠤ ᠤᠷᠤᠯᠭ᠎ᠠ 680.6 ᠳ᠋᠋᠋ᠦ᠋ᠩᠰᠢᠭᠤᠷ ᠲᠦᠭᠦᠷᠢᠭ᠌᠂ 5.7% ᠪᠡᠷ ᠨᠡᠮᠡᠭᠳᠡᠪᠡ᠃

ᠢᠷᠡᠯᠳᠡ᠄ ᠦᠪᠦᠷ ᠮᠤᠨᠭᠭᠤᠯ ᠤᠨ ᠰᠤᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011100001120238452