蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ 9 ᠶᠡᠬᠡ ᠲᠡᠭᠡᠳᠤ ᠰᠤᠷᠭᠠᠭᠤᠯᠢ ᠵᠠᠭᠪᠤᠷ ᠢᠶᠡᠨ ᠦᠬᠡᠷᠡᠴᠢᠯᠡᠨ ᠬᠦᠭ᠍ᠵᠢᠬᠦ ᠲᠤᠷᠰᠢᠯᠳᠠ ᠶᠢᠨ ᠴᠢᠭ ᠤᠨ ᠰᠤᠷᠭᠠᠭᠤᠯᠢ ᠪᠤᠯᠪᠠ

2017-01-11 11:49

    ᠤᠳᠤᠬᠠᠨ ᠳᠤ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ᠂ ᠦᠬᠡᠷᠡᠴᠢᠯᠡᠯᠳᠡ ᠬᠦᠭ᠍ᠵᠢᠬᠦᠯᠦᠯᠳᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ ᠡᠴᠡ ᠬᠠᠮᠳᠤᠷᠠᠨ ᠲᠠᠷᠬᠠᠭᠠᠭᠰᠠᠨ ᠮᠠᠲ᠋ᠧᠷᠢᠶᠠᠯ ᠳᠤ ᠂ ᠤᠯᠠᠭᠠᠨᠬᠠᠳᠠ ᠲᠡᠭᠡᠳᠤ ᠰᠤᠷᠭᠠᠭᠤᠯᠢ ᠵᠡᠷᠭᠡ 9 ᠶᠡᠬᠡ ᠲᠡᠭᠡᠳᠤ ᠰᠤᠷᠭᠠᠭᠤᠯᠢ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠵᠠᠭᠪᠤᠷ ᠢᠶᠡᠨ ᠦᠬᠡᠷᠡᠴᠢᠯᠡᠨ ᠬᠦᠭ᠍ᠵᠢᠬᠦ ᠲᠤᠷᠰᠢᠯᠳᠠ ᠶᠢᠨ ᠴᠢᠬ ᠤᠨ ᠰᠤᠷᠭᠠᠭᠤᠯᠢ  ᠶᠢᠨ ᠨᠡᠷᠡᠰ ᠲᠤ ᠵᠢᠬᠰᠠᠭᠠᠭᠳᠠᠵᠤ᠂ ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ᠂ ᠦᠬᠡᠷᠡᠴᠢᠯᠡᠯᠳᠡ ᠬᠦᠭ᠍ᠵᠢᠬᠦᠯᠦᠯᠳᠡ ᠶᠢᠨ ᠵᠦᠪᠯᠡᠯ ᠵᠡᠷᠬᠡ ᠰᠠᠯᠠᠭ᠎ᠠ ᠮᠦᠴᠢᠷ ᠡᠴᠡ ᠲᠤᠰᠬᠠᠢ ᠲᠦᠰᠦᠯ ᠤᠨ ᠹᠤᠡᠲ ᠢᠶᠡᠷ ᠲᠤᠷᠰᠢᠯᠳᠠ ᠶᠢᠨ ᠴᠢᠬ ᠤᠨ ᠰᠤᠷᠭᠠᠭᠤᠯᠢ ᠶᠢᠨ ᠵᠠᠭᠪᠤᠷ ᠢᠶᠡᠨ ᠦᠬᠡᠷᠡᠴᠢᠯᠡᠨ ᠬᠦᠭ᠍ᠵᠢᠬᠦ ᠶᠢ ᠢᠳᠡᠪᠬᠢᠲᠠᠢ ᠲᠡᠮᠵᠢᠨ᠎ᠠ ᠭᠡᠵᠡᠢ᠃

    ᠵᠠᠷᠢᠮ ᠡᠩ ᠤᠨ ᠶᠡᠬᠡ ᠲᠡᠭᠡᠳᠤ ᠰᠤᠷᠭᠠᠭᠤᠯᠢ ᠶᠢ ᠬᠡᠷᠡᠭᠯᠡᠬᠡᠨ ᠤ ᠬᠡᠯᠪᠡᠷᠢ ᠲᠡᠶᠢᠰᠢ ᠦᠬᠡᠷᠡᠴᠢᠯᠡᠬᠦ (ᠵᠠᠭᠪᠤᠷ ᠦᠭᠡᠷᠡᠴᠢᠯᠡᠨ ᠬᠦᠭ᠍ᠵᠢᠬᠦ) ᠳ᠋ᠦ ᠬᠦᠳᠦᠯᠬᠦ ᠪᠤᠯ ᠲᠦᠷᠦ ᠶᠢᠨ ᠶᠠᠪᠤᠳᠠᠯ ᠤᠨ ᠬᠤᠷᠢᠶ᠎ᠠ ᠡᠴᠡ ᠭᠠᠷᠭᠠᠬᠰᠠᠨ ᠲᠤᠮᠤ ᠶᠡᠬᠡ ᠲᠦᠰᠦᠯ᠂ ᠮᠦᠨ ᠴᠦ ᠦᠪᠦᠷ ᠮᠤᠩᠭ᠋ᠤᠯ ᠡᠴᠡ ᠶᠡᠬᠡ ᠲᠡᠭᠡᠳᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠪᠦᠲᠦᠴᠡ ᠶᠢᠨ ᠲᠤᠬᠢᠷᠠᠭᠤᠯᠤᠯᠳᠠ ᠶᠢ ᠬᠦᠨᠵᠡᠬᠡᠶᠢᠷᠡᠬᠦᠯᠤᠨ᠂ ᠬᠡᠷᠡᠭᠯᠡᠬᠡᠨ ᠤ ᠮᠡᠷᠬᠡᠵᠢᠯᠳᠡᠨ ᠢ ᠬᠦᠮᠦᠵᠢᠬᠦᠯᠬᠦ ᠶᠢ ᠲᠦᠷᠬᠡᠳᠬᠡᠨ ᠶᠡᠬᠡ ᠲᠡᠭᠡᠳᠤ ᠰᠤᠷᠭᠠᠭᠤᠯᠢ ᠶᠢᠨ ᠦᠪᠡᠷᠮᠢᠴᠡ ᠬᠦᠭ᠍ᠵᠢᠯᠳᠡ ᠢᠢ ᠠᠬᠢᠭᠤᠯᠬᠤ ᠴᠢᠬᠤᠯᠠ ᠠᠷᠭ᠎ᠠ ᠪᠤᠯᠤᠨ᠎ᠠ᠃ ᠡᠬᠦᠨ ᠳᠤ ᠦᠪᠦᠷ ᠮᠤᠩᠭ᠋ᠤᠯ ᠤᠨ ᠵᠠᠰᠠᠭ ᠤᠨ ᠤᠷᠳᠤᠨ ᠤ ᠵᠦᠪᠰᠢᠶᠡᠷᠡᠯ ᠢᠶᠡᠷ ᠦᠪᠦᠷ ᠮᠤᠩᠭ᠋ᠤᠯ ᠤᠨ 9 ᠰᠤᠷᠭᠠᠭᠤᠯᠢ ᠵᠠᠭᠪᠤᠷ ᠢᠶᠡᠨ ᠦᠬᠡᠷᠡᠴᠢᠯᠡᠨ ᠬᠦᠭ᠍ᠵᠢᠬᠦ ᠲᠤᠷᠰᠢᠯᠳᠠ ᠶᠢᠨ ᠴᠢᠬ ᠤᠨ ᠶᠡᠬᠡ ᠲᠡᠭᠡᠳᠤ ᠰᠤᠷᠭᠠᠭᠤᠯᠢ ᠪᠤᠯᠵᠠᠢ᠂ ᠡᠭᠦᠨ ᠳ᠋ᠦ ᠤᠯᠠᠭᠠᠨᠬᠠᠳᠠ ᠲᠡᠭᠡᠳᠤ ᠰᠤᠷᠭᠠᠭᠤᠯᠢ᠂ ᠬᠦᠯᠦᠨ ᠪᠤᠶᠢᠷ ᠲᠡᠭᠡᠳᠤ ᠰᠤᠷᠭᠠᠭᠤᠯᠢ᠂ ᠪᠤᠷᠤᠳᠤᠬᠤᠢ ᠲᠡᠭᠡᠳᠤ ᠰᠤᠷᠭᠠᠭᠤᠯᠢ᠂ ᠵᠢᠨᠢᠩ ᠪᠠᠭᠰᠢ ᠶᠢᠨ ᠲᠡᠭᠡᠳᠤ ᠰᠤᠷᠭᠠᠭᠤᠯᠢ᠂ ᠦᠪᠦᠷ ᠮᠤᠩᠭ᠋ᠤᠯ ᠤᠨ ᠪᠠᠭᠰᠢ  ᠶᠢᠨ ᠶᠡᠬᠡ ᠰᠤᠷᠭᠠᠭᠤᠯᠢ ᠶᠢᠨ ᠬᠤᠩ ᠳ᠋ᠧ ᠲᠡᠭᠡᠳᠤ ᠰᠤᠷᠭᠠᠭᠤᠯᠢ ᠵᠡᠷᠬᠡ 5 ᠲᠡᠭᠡᠳᠤ ᠰᠤᠷᠭᠠᠭᠤᠯᠢ ᠨᠢ ᠪᠦᠬᠦᠯᠢ ᠴᠤᠭᠴᠠ ᠳᠤ ᠵᠠᠭᠪᠤᠷ ᠢᠶᠡᠨ ᠦᠬᠡᠷᠡᠴᠢᠯᠡᠬᠦ ᠲᠤᠷᠰᠢᠯᠳᠠ ᠶᠢᠨ ᠴᠢᠬ ᠪᠤᠯᠵᠤ᠂  ᠦᠪᠦᠷ ᠮᠤᠩᠬ᠋ᠤᠯ ᠤᠨ ᠠᠨᠠᠭᠠᠬᠤ ᠤᠬᠠᠭᠠᠨ ᠤ ᠶᠡᠬᠡ ᠰᠤᠷᠭᠠᠭᠤᠯᠢ ᠂ ᠦᠪᠦᠷ ᠮᠤᠩᠬ᠋ᠤᠯ ᠤᠨ ᠲᠧᠭᠨᠤᠯᠤᠬᠢ ᠶᠢᠨ ᠶᠡᠬᠡ ᠰᠤᠷᠭᠠᠭᠤᠯᠢ ᠂ ᠦᠪᠦᠷ ᠮᠤᠩᠬ᠋ᠤᠯ ᠤᠨ ᠲᠠᠷᠢᠶᠠᠯᠠᠩ ᠤᠨ ᠶᠡᠬᠡ ᠰᠤᠷᠭᠠᠭᠤᠯᠢ ᠂ ᠪᠤᠭᠤᠳᠤ ᠶᠢᠨ ᠠᠨᠠᠭᠠᠬᠤ ᠤᠬᠠᠭᠠᠨ ᠤ ᠲᠡᠭᠡᠳᠤ ᠰᠤᠷᠭᠠᠭᠤᠯᠢ ᠵᠡᠷᠬᠡ 4 ᠰᠤᠷᠭᠠᠭᠤᠯᠢ ᠨᠢ ᠵᠠᠷᠢᠮ ᠮᠡᠷᠬᠡᠵᠢᠯ ᠤᠨ ᠦᠬᠡᠷᠡᠴᠢᠯᠡᠯᠳᠡ ᠶᠢᠨ ᠲᠤᠷᠰᠢᠯᠳᠠ ᠶᠢᠨ ᠴᠢᠬ ᠪᠤᠯᠪᠠ᠃ 

ᠢᠷᠡᠯᠳᠡ᠄ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120701120288986