蒙古文网站Logo
ᠰᠢᠨᠬᠤᠸᠠ ᠮᠤᠩᠭ᠋ᠤᠯ ᠨᠧᠲ

ᠪᠡᠬᠡᠵᠢᠩ 《ᠤᠯᠠᠭᠠᠨ ᠠᠰᠠᠷ ᠤᠨ ᠵᠡᠬᠦᠳᠦᠨ》 ᠶᠢ 2017 ᠤᠨ ᠤ ᠶᠡᠬᠡ ᠳᠡᠬᠡᠳᠦ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠳᠠ ᠳᠤ ᠵᠠᠪᠠᠯ ᠰᠢᠯᠭᠠᠬᠤ ᠳᠦᠷᠦᠯ ᠪᠤᠯᠭᠠᠨ᠎ᠠ

2017-01-12 09:49

    ᠰᠢᠨᠬᠤᠧᠠ ᠬᠤᠷᠢᠶ᠎ᠠ   ᠪᠡᠬᠡᠵᠢᠩ ᠤᠨ 1 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠯᠢᠶᠠᠩ ᠲᠢᠶᠠᠨ ᠶᠦᠨ) ᠰᠤᠷᠪᠤᠯᠵᠢᠯᠠᠭᠴᠢ 11 ᠤ ᠡᠳᠦᠷ ᠪᠡᠬᠡᠵᠢᠩ ᠤᠨ ᠰᠤᠷᠭᠠᠨ ᠬᠦᠮᠦᠵᠢᠯ ᠰᠢᠯᠭᠠᠯᠳᠠ ᠶᠢᠨ ᠬᠦᠷᠢᠶᠡᠯᠡᠩ ᠡᠴᠡ ᠤᠶᠢᠯᠠᠭᠠᠭᠰᠠᠨ ᠢᠶᠡᠷ᠂ 2017 ᠤᠨ ᠤ ᠶᠡᠬᠡ ᠳᠡᠬᠡᠳᠦ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠳᠠ ᠶᠢᠨ ᠪᠡᠬᠡᠵᠢᠩ ᠤᠨ ᠰᠢᠯᠭᠠᠯᠳᠠ ᠶᠢᠨ ᠬᠠᠭᠤᠳᠠᠰᠤᠨ ᠤ 《ᠰᠢᠯᠭᠠᠯᠳᠠ ᠶᠢᠨ ᠳᠤᠳᠤᠷᠬᠠᠶᠢᠯᠠᠯᠳᠠ》 ᠨᠢᠬᠡᠨᠳᠡ ᠵᠠᠷᠯᠠᠭᠳᠠᠭᠰᠠᠨ᠂ ᠡᠬᠦᠨ ᠳᠤ ᠬᠡᠯᠡ ᠪᠢᠴᠢᠭ ᠤᠨ ᠰᠢᠯᠭᠠᠯᠳᠠ ᠳᠤ 《ᠤᠯᠠᠭᠠᠨ ᠠᠰᠠᠷ ᠤᠨ ᠵᠡᠬᠦᠳᠦᠨ》ᠵᠡᠷᠬᠡ 6 ᠰᠤᠩᠭᠤᠳᠠᠭ ᠪᠦᠳᠦᠬᠡᠯ ᠢ ᠡᠷᠬᠡᠪᠰᠢ ᠰᠢᠯᠭᠠᠬᠤ ᠬᠡᠪᠴᠢᠶᠡᠨ ᠳᠤ ᠬᠠᠮᠤᠷᠤᠭᠤᠯᠤᠭᠰᠠᠨ ᠪᠠᠶᠢᠨ᠎ᠠ᠃

    ᠪᠡᠬᠡᠵᠢᠩ ᠤᠨ ᠰᠤᠷᠭᠠᠨ ᠬᠦᠮᠦᠵᠢᠯ ᠰᠢᠯᠭᠠᠯᠳᠠ ᠶᠢᠨ ᠬᠦᠷᠢᠶᠡᠯᠡᠩ ᠤᠨ ᠬᠠᠮᠢᠶᠠᠳᠠᠢ ᠬᠠᠷᠢᠭᠤᠴᠠᠯᠭᠠᠳᠠᠨ ᠤ ᠳᠠᠨᠢᠯᠴᠠᠭᠤᠯᠤᠭᠰᠠᠨ ᠢᠶᠡᠷ᠂ 2017 ᠤᠨ ᠤ ᠶᠡᠬᠡ ᠳᠡᠬᠡᠳᠦ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠳᠠ ᠶᠢᠨ ᠬᠡᠯᠡ ᠪᠢᠴᠢᠭ ᠤᠨ ᠰᠢᠯᠭᠠᠯᠳᠠ ᠳ᠋ᠡᠬᠢ ᠰᠤᠩᠭᠤᠳᠠᠭ ᠤᠩᠰᠢᠯᠭ᠎ᠠ ᠬᠡᠬᠦ ᠰᠡᠳᠦᠪ ᠤᠨ ᠠᠭᠤᠯᠭ᠎ᠠ ᠶᠢ ᠤᠯᠠᠮ ᠨᠠᠷᠢᠯᠢᠭᠵᠢᠭᠤᠯᠵᠤ᠂ ᠮᠡᠳᠡᠯᠬᠡ ᠶᠢᠨ ᠬᠤᠷᠠᠮᠳᠤᠯᠭ᠎ᠠ ᠳ᠋ᠠᠭᠠᠨ ᠳᠦᠰᠢᠭᠯᠡᠨ ᠪᠦᠳᠦᠬᠡᠯ ᠤᠨ ᠰᠤᠶᠤᠯ ᠤᠨ ᠦᠷᠳᠡᠭ ᠬᠢᠬᠡᠳ ᠴᠠᠭ ᠦᠶ᠎ᠡ ᠶᠢᠨ ᠤᠳᠬ᠎ᠠ ᠠᠭᠤᠯᠭ᠎ᠠ ᠶᠢᠨ ᠳᠠᠯ᠎ᠠ ᠪᠡᠷ ᠬᠢᠭᠰᠡᠨ ᠳᠦᠷᠦᠭᠳᠡᠯ᠂ ᠦᠨᠡᠯᠡᠯᠳᠡ ᠶᠢ ᠨᠢ ᠰᠢᠯᠭᠠᠬᠤ ᠪᠤᠯᠤᠨ᠎ᠠ᠃

    ᠰᠢᠯᠭᠠᠬᠤ ᠬᠡᠪᠴᠢᠶᠡᠨ ᠳᠤ ᠬᠠᠮᠤᠷᠤᠭᠳᠠᠭᠰᠠᠨ ᠡᠨᠡᠬᠦ 6 ᠰᠤᠩᠭᠤᠳᠠᠭ ᠪᠦᠳᠦᠬᠡᠯ ᠨᠢ ᠳᠤᠰ ᠳᠤᠰ《ᠤᠯᠠᠭᠠᠨ ᠠᠰᠠᠷ ᠤᠨ ᠵᠡᠬᠦᠳᠦᠨ》᠂《ᠬᠠᠰᠬᠢᠷᠤᠯ》᠂ 《ᠤᠯᠠᠭᠠᠨ ᠬᠠᠳᠠ》᠂ 《ᠡᠩ ᠶᠢᠷᠳᠢᠨᠴᠤ》᠂ 《ᠡᠪᠦᠬᠡᠨ ᠳᠠᠯᠠᠢ ᠬᠤᠶᠠᠷ》᠂《ᠬᠢᠵᠠᠭᠠᠷ ᠤᠨ ᠬᠤᠳᠠ》ᠵᠡᠷᠬᠡ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120701120295424