蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠵᠢᠷᠭᠤᠳᠤᠭᠠᠷ ᠬᠤᠷᠠᠯ 1 ᠰᠠᠷ᠎ᠠ ᠶᠢᠨ 14 ᠳᠤ ᠨᠡᠬᠡᠬᠡᠯᠳᠡ ᠪᠡᠨ ᠬᠢᠨ᠎ᠡ

2017-01-12 15:17

    ᠰᠢᠨᠬᠤᠧᠠ ᠨᠧᠲ   ᠬᠦᠬᠡᠬᠤᠳᠠ ᠶᠢᠨ 1 ᠰᠠᠷ᠎ᠠ ᠶᠢᠨ 12 ᠤ ᠡᠳᠦᠷ ᠤᠨ ᠴᠠᠬᠢᠯᠭᠠᠨ ᠮᠡᠳᠡᠬᠡ (ᠼᠤᠤ ᠵᠧᠨ) 12 ᠤ ᠡᠳᠦᠷ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶᠢᠨ ᠬᠤᠷᠢᠶ᠎ᠠ ᠬᠡᠪᠯᠡᠯ ᠮᠡᠳᠡᠬᠡᠯᠡᠯ ᠤᠨ ᠬᠤᠷᠠᠯ ᠬᠤᠷᠠᠯᠳᠤᠭᠤᠯᠵᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠵᠢᠷᠭᠤᠳᠤᠭᠠᠷ ᠬᠤᠷᠠᠯ 2017 ᠤᠨ ᠤ 1 ᠰᠠᠷ᠎ᠠ ᠶᠢᠨ 14 ᠳᠤ ᠨᠡᠬᠡᠬᠡᠯᠳᠡ ᠪᠡᠨ ᠬᠢᠵᠤ᠂ 5 ᠡᠳᠦᠷ ᠤᠨ ᠬᠤᠭᠤᠴᠠᠭ᠎ᠠ ᠲᠠᠢ ᠬᠤᠷᠠᠯᠳᠤᠬᠤ ᠪᠤᠯᠤᠭᠰᠠᠨ ᠢᠶᠡᠨ ᠵᠠᠷᠯᠠᠵᠠᠢ᠃

    ᠤᠶᠢᠯᠠᠭᠠᠭᠰᠠᠨ ᠢᠶᠡᠷ᠂ ᠡᠨᠡᠬᠦ ᠬᠤᠭᠤᠴᠠᠭᠠᠨ ᠤ ᠬᠤᠷᠠᠯ ᠢᠶᠡᠷ ᠭᠤᠤᠯᠳᠠᠭᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ᠂ ᠳᠦᠯᠦᠪᠯᠡᠬᠡᠨ ᠤ ᠢᠯᠡᠳᠬᠡᠯ᠂ ᠤᠷᠢᠳᠴᠢᠯᠠᠨ ᠳᠤᠭᠠᠴᠠᠭᠠᠯᠠᠭᠰᠠᠨ ᠢᠯᠡᠳᠬᠡᠯ᠂ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠪᠤᠯᠤᠨ ᠰᠢᠬᠦᠬᠦ᠂ ᠪᠠᠶᠢᠴᠠᠭᠠᠬᠤ ᠬᠤᠶᠠᠷ ᠬᠤᠷᠢᠶ᠎ᠠ ᠶᠢᠨ ᠢᠯᠡᠳᠬᠡᠯ ᠵᠡᠷᠬᠡ 6 ᠳᠦᠷᠦᠯ ᠤᠨ ᠢᠯᠡᠳᠬᠡᠯ ᠢ ᠬᠢᠨᠠᠨ ᠵᠦᠪᠯᠡᠬᠦ ᠶᠢᠨ ᠵᠡᠷᠬᠡᠴᠡᠬᠡ ᠰᠤᠩᠭᠤᠭᠤᠯᠢ ᠬᠢᠨ᠎ᠡ᠃ ᠡᠨᠡᠬᠦ ᠬᠤᠭᠤᠴᠠᠭᠠᠨ ᠤ ᠬᠠᠤᠯᠢ ᠶᠤᠰᠤᠨ ᠳᠤ ᠨᠡᠶᠢᠴᠡᠬᠦ ᠳᠦᠯᠦᠬᠡᠯᠡᠭᠴᠢ ᠶᠢᠨ ᠳᠤᠭ᠎ᠠ ᠨᠡᠶᠢᠳᠡ 544᠂ ᠬᠡᠪᠡᠴᠤ 2016 ᠤᠨ ᠤ ᠳᠤᠷᠰᠢ ᠳᠤᠰᠢᠶᠠᠯ ᠡᠴᠡ ᠪᠠᠭᠤᠭᠰᠠᠨ᠂ ᠳᠤᠰᠢᠶᠠᠯ ᠰᠢᠯᠵᠢᠭᠰᠡᠨ ᠵᠡᠷᠬᠡ ᠰᠢᠯᠳᠠᠭᠠᠨ ᠢᠶᠡᠷ ᠳᠦᠯᠦᠬᠡᠯᠡᠭᠴᠢ ᠶᠢᠨ ᠳᠤᠭ᠎ᠠ ᠶᠡᠬᠡᠬᠡᠨ ᠬᠤᠪᠢᠷᠠᠯᠳᠠ ᠲᠠᠢ ᠪᠤᠯᠵᠤ᠂ ᠪᠤᠳᠠᠳᠠᠢ 534 ᠳᠦᠯᠦᠬᠡᠯᠡᠭᠴᠢ ᠬᠤᠷᠠᠯ ᠳᠤ ᠤᠷᠤᠯᠴᠠᠨ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120701120298105