蒙古文网站Logo
ᠰᠢᠨᠬᠤᠸᠠ ᠮᠤᠩᠭ᠋ᠤᠯ ᠨᠧᠲ

ᠰᠢᠨᠵᠢᠶᠠᠩ᠄ ᠡᠨᠡ ᠤᠨ ᠳ᠋ᠤ ᠰᠤᠷᠭᠠᠭᠤᠯᠢ ᠶᠢᠨ ᠨᠠᠰᠤᠨ ᠡᠴᠡ ᠡᠮᠦᠨᠡᠬᠢ 3 ᠵᠢᠯ ᠤᠨ ᠬᠤᠤᠰ ᠬᠡᠯᠡᠨ ᠤ ᠰᠤᠷᠭᠠᠨ ᠬᠦᠮᠦᠵᠢᠯ ᠢ ᠬᠦᠲᠡᠭᠡ ᠲᠤᠰᠬᠤᠨ ᠳ᠋ᠤ ᠪᠦᠬᠦᠨ ᠢ ᠪᠦᠷᠬᠦᠬᠦᠯᠦᠨ᠎ᠡ

2017-01-17 17:49

    ᠰᠢᠨᠬᠤᠸᠠ ᠬᠤᠷᠢᠶ᠎ᠠ   ᠦᠷᠦᠮᠴᠢ ᠶᠢᠨ 1 ᠰᠠᠷ᠎ᠠ ᠶᠢᠨ 17 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠠ ᠢ ᠨᠦ᠋ ᠡᠯ ) ᠰᠤᠷᠭᠠᠭᠤᠯᠢ ᠶᠢᠨ ᠨᠠᠰᠤᠨ ᠡᠴᠡ ᠡᠮᠦᠨᠡᠬᠢ ᠬᠡᠦᠬᠡᠳ ᠤᠨ ᠲᠦᠯᠦᠪᠦᠷᠢ ᠦᠭᠡᠢ ᠪᠡᠷ ᠬᠡᠦᠬᠡᠳ ᠤᠨ ᠴᠡᠴᠡᠷᠯᠢᠭ᠌᠌ ᠲᠤ ᠤᠷᠤᠬᠤ ᠠᠰᠠᠭᠤᠲᠠᠯ ᠢ ᠰᠢᠢᠳᠪᠦᠷᠢᠯᠡᠬᠦ ᠪᠡᠷ ᠰᠢᠨᠵᠢᠶᠠᠩ ᠡᠨᠡ ᠤᠨ ᠳ᠋ᠤ ᠮᠤᠨᠲᠠᠭ ᠲᠤᠭᠠᠨ ᠤ ᠬᠦᠷᠦᠩᠭᠡ ᠤᠷᠤᠭᠤᠯᠵᠤ᠂ ᠬᠦᠲᠡᠭᠡ ᠲᠤᠰᠬᠤᠨ ᠤ 4387 ᠬᠤᠤᠰ ᠬᠡᠯᠡᠨ ᠤ ᠬᠡᠦᠬᠡᠳ ᠤᠨ ᠴᠡᠴᠡᠷᠯᠢᠭ ᠢ ᠰᠢᠨ᠎ᠡ ᠪᠡᠷ ᠪᠠᠢᠢᠭᠤᠯᠬᠤ ᠪᠤᠶᠤ ᠰᠢᠨᠡᠳᠭᠡᠨ ᠵᠠᠰᠠᠨ᠂ ᠬᠦᠲᠡᠭᠡ ᠲᠤᠰᠬᠤᠨ ᠳ᠋ᠤ ᠰᠤᠷᠭᠠᠭᠤᠯᠢ ᠶᠢᠨ ᠨᠠᠰᠤᠨ ᠡᠴᠡ ᠡᠮᠦᠨᠡᠬᠢ ᠬᠡᠦᠬᠡᠳ ᠤᠨ ᠬᠤᠤᠰ ᠬᠡᠯᠡᠨ ᠤ ᠰᠤᠷᠭᠠᠨ ᠬᠦᠮᠦᠵᠢᠯ ᠢ ᠪᠦᠬᠦᠨ ᠢ ᠪᠦᠷᠬᠦᠬᠦᠯᠬᠦ ᠪᠡᠷ ᠪᠠᠢᠢᠨ᠎ᠠ᠃

    ᠬᠦᠲᠡᠭᠡ ᠲᠤᠰᠬᠤᠨ ᠤ ᠬᠤᠤᠰ ᠬᠡᠯᠡᠨ ᠤ ᠪᠠᠭᠰᠢ ᠲᠤᠲᠠᠭᠲᠠᠵᠤ ᠪᠠᠢᠢᠭ᠎ᠠ ᠳ᠋ᠤ ᠴᠢᠭᠯᠡᠬᠦᠯᠬᠦᠨ 《 ᠰᠢᠨᠵᠢᠶᠠᠩ ᠤᠨ ᠬᠤᠤᠰ ᠬᠡᠯᠡᠨ ᠤ ᠤᠨᠴᠠᠭᠠᠢ ᠪᠠᠢᠢᠷᠢ ᠶᠢᠨ ᠪᠠᠭᠰᠢ》᠂《ᠰᠤᠷᠤᠯᠭ᠎ᠠ ᠶᠢᠨ ᠲᠦᠯᠦᠪᠦᠷᠢ ᠦᠭᠡᠢ ᠪᠠᠭᠰᠢ ᠶᠢᠨ ᠰᠤᠷᠭᠠᠭᠤᠯᠢ ᠶᠢᠨ ᠰᠤᠷᠤᠭᠴᠢ》᠂《ᠺᠠᠳ᠋ᠷ ᠠᠵᠢᠯ ᠲᠦᠷᠦᠯ ᠶᠢᠡᠷ ᠲᠤᠰᠠᠯᠠᠬᠤ》 ᠵᠡᠷᠭᠡ ᠲᠦᠷᠦ ᠶᠢᠨ ᠪᠤᠲᠤᠯᠭ᠎ᠠ ᠲᠤᠭᠲᠠᠭᠠᠨ ᠡᠨᠡ ᠠᠰᠠᠭᠤᠲᠠᠯ ᠢ ᠰᠢᠢᠳᠪᠦᠷᠢᠯᠡᠬᠦ ᠪᠤᠯᠤᠨ᠎ᠠ᠃

    ᠦᠪᠡᠷᠲᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠲᠤᠪᠴᠢᠶᠠᠨ ᠤ ᠬᠠᠩᠭ᠋ᠠᠭᠰᠠᠨ ᠲᠤᠭ᠎ᠠ ᠪᠠᠷᠢᠮᠲᠠ ᠳ᠋ᠤ ᠦᠵᠡᠬᠦᠯᠦᠭᠰᠡᠨ ᠶᠢᠡᠷ᠂ 《125》 ᠲᠦᠰᠦᠯ ᠤᠨ ᠬᠤᠭᠤᠴᠠᠭᠠᠨ ᠳ᠋ᠤ ᠰᠢᠨᠵᠢᠶᠠᠩ 2500 ᠬᠤᠤᠰ ᠬᠡᠯᠡᠨ ᠤ ᠬᠡᠦᠬᠡᠳ ᠤᠨ ᠴᠡᠴᠡᠷᠯᠢᠭ᠌᠌ ᠪᠠᠢᠢᠭᠤᠯᠵᠤ᠂ ᠪᠦᠬᠦ ᠤᠷᠤᠨ ᠤ ᠰᠤᠷᠭᠠᠭᠤᠯᠢ ᠶᠢᠨ ᠨᠠᠰᠤᠨ ᠡᠴᠡ ᠡᠮᠦᠨᠡᠬᠢ ᠬᠤᠤᠰ ᠬᠡᠯᠡᠨ ᠤ ᠰᠤᠷᠭᠠᠨ ᠬᠦᠮᠦᠵᠢᠯ ᠤᠨ ᠲᠦᠭᠡᠮᠡᠯᠵᠢᠬᠦᠯᠦᠯᠲᠡ 77ᠪᠤᠯᠵᠤ᠂ ᠰᠤᠷᠤᠭᠴᠢ ᠶᠢᠨ ᠲᠤᠭ᠎ᠠ 48 ᠲᠦᠮᠡ ᠬᠦᠷᠪᠡ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120791120330432