蒙古文网站Logo
ᠰᠢᠨᠬᠤᠸᠠ ᠮᠤᠩᠭ᠋ᠤᠯ ᠨᠧᠲ

ᠴᠢᠩᠬᠤᠸᠠ ᠶᠡᠬᠡ ᠰᠤᠷᠭᠠᠭᠤᠯᠢ ᠤᠯᠠᠨ ᠤᠯᠤᠰ ᠤᠨ ᠴᠦᠮ᠎᠎ᠠ ᠶᠢᠨ ᠡᠷᠴᠢᠮ ᠬᠦᠴᠦᠨ ᠤ ᠴᠢᠲᠠᠪᠤᠷᠢᠲᠠᠨ ᠢ ᠬᠦᠮᠦᠵᠢᠬᠦᠯᠦᠨ᠎ᠡ

2017-01-19 11:54

    1 ᠰᠠᠷ᠎᠎᠎ᠠ ᠶᠢᠨ 16 ᠤ ᠡᠲᠦᠷ ᠴᠢᠩᠬᠤᠸᠠ ᠶᠡᠬᠡ ᠰᠤᠷᠭᠠᠭᠤᠯᠢ ᠲᠤᠮᠲᠠᠲᠤ ᠤᠯᠤᠰ ᠤᠨ ᠴᠦᠮ᠎ᠡ ᠶᠢᠨ ᠡᠷᠴᠢᠮ ᠬᠦᠴᠦᠨ ᠤ ᠪᠦᠯᠦᠭᠯᠡᠯ᠂ ᠤᠯᠤᠰ ᠤᠨ ᠡᠷᠴᠢᠮ ᠬᠦᠴᠦᠨ ᠤ ᠬᠦᠷᠦᠩᠭᠡ ᠤᠷᠤᠭᠤᠯᠤᠯᠲᠠ ᠶᠢᠨ ᠪᠦᠯᠦᠭᠯᠡᠯ ᠪᠠ ᠲᠤᠮᠲᠠᠲᠤ ᠤᠯᠤᠰ ᠤᠨ ᠭᠤᠸᠠᠩᠳᠦ᠋ᠩ ᠤᠨ ᠴᠦᠮ᠎ᠠ ᠶᠢᠨ ᠡᠷᠴᠢᠮ ᠬᠦᠴᠦᠨ ᠤ ᠪᠦᠯᠦᠭᠯᠡᠯ ᠲᠠᠢ ᠬᠠᠮᠲᠤᠷᠠᠨ ᠤᠯᠠᠨ ᠤᠯᠤᠰ ᠤᠨ ᠡᠷᠴᠢᠮ ᠬᠦᠴᠦᠨ ᠤ ᠠᠰᠫᠢᠷᠠᠨᠲ ᠬᠦᠮᠦᠵᠢᠬᠦᠯᠬᠦ ᠬᠡᠯᠡᠯᠴᠡᠭᠡᠷ ᠲᠤᠭᠲᠠᠨ᠂ 2017 ᠤᠨ ᠡᠴᠡ ᠡᠬᠢᠯᠡᠨ ᠭᠠᠲᠠᠭᠠᠲᠤ ᠡᠴᠡ 30 ᠨᠡᠷᠡᠰ ᠴᠦᠮ᠎ᠡ ᠶᠢᠨ ᠡᠷᠴᠢᠮ ᠬᠦᠴᠦᠨ ᠤ ᠰᠠᠯᠪᠤᠷᠢ ᠳ᠋ᠡᠬᠢ ᠠᠰᠫᠢᠷᠠᠨᠲ ᠢ ᠬᠦᠮᠦᠵᠢᠬᠦᠯᠬᠦ ᠪᠡᠷ ᠪᠠᠢᠢᠨ᠎ᠠ᠃

    ᠡᠨᠡᠬᠦ ᠲᠦᠰᠦᠯ ᠨᠢ ᠴᠦᠮ᠎ᠡ ᠶᠢᠨ ᠡᠷᠴᠢᠮ ᠬᠦᠴᠦᠨ ᠤ ᠴᠢᠭᠯᠡᠯ ᠶᠢᠡᠷ ᠴᠢᠲᠠᠪᠤᠷᠢᠲᠠᠨ ᠬᠦᠮᠦᠵᠢᠬᠦᠯᠬᠦ ᠶᠢ ᠵᠤᠷᠢᠵᠤ᠂ ᠰᠢᠯᠢᠲᠡᠭ ᠴᠢᠲᠠᠪᠤᠷᠢᠲᠠᠢ᠂ ᠮᠠᠨ ᠤ ᠤᠯᠤᠰ ᠤᠨ ᠴᠦᠮ᠎ᠡ ᠶᠢᠨ ᠡᠷᠴᠢᠮ ᠬᠦᠴᠦᠨ ᠤ ᠴᠢᠲᠠᠪᠤᠷᠢ ᠪᠠ ᠤᠯᠠᠨ ᠤᠯᠤᠰ ᠤᠨ ᠭᠤᠤᠯᠯᠠᠬᠤ ᠬᠦᠴᠦᠨ ᠪᠦᠬᠦᠢ ᠴᠢᠲᠠᠪᠤᠷᠢᠲᠠᠨ ᠢ ᠬᠦᠮᠦᠵᠢᠬᠦᠯᠬᠦ ᠪᠡᠷ ᠵᠤᠷᠢᠯᠲᠠ ᠪᠤᠯᠭᠠᠨ᠎ᠠ᠃ ᠰᠤᠷᠭᠠᠨ ᠬᠦᠮᠦᠵᠢᠯ ᠤᠨ ᠶᠠᠮᠤᠨ ᠪᠠ ᠤᠯᠤᠰ ᠤᠨ ᠡᠨ᠋ᠸᠷᠬᠢ ᠶᠢᠨ ᠲᠤᠪᠴᠢᠶ᠎ᠠ 2016 ᠤᠨ ᠳ᠋ᠤ 《ᠤᠯᠠᠨ ᠤᠯᠤᠰ ᠤᠨ ᠴᠦᠮ᠎ᠡ ᠶᠢᠨ ᠡᠷᠴᠢᠮ ᠬᠦᠴᠦᠨ ᠤ ᠴᠢᠲᠠᠪᠤᠷᠢᠲᠠᠨ ᠢ ᠬᠦᠮᠦᠵᠢᠬᠦᠯᠬᠦ ᠰᠠᠨᠠᠮᠵᠢ ᠶᠢᠨ ᠪᠢᠴᠢᠭ᠌》 ᠲᠤ ᠭᠠᠷ ᠤᠨ ᠦᠰᠦᠭ ᠵᠢᠷᠤᠵᠤ᠂ ᠤᠯᠠᠨ ᠤᠯᠤᠰ ᠤᠨ ᠴᠦᠮ᠎ᠡ ᠶᠢᠨ ᠡᠷᠴᠢᠮ ᠬᠦᠴᠦᠨ ᠤ ᠴᠢᠲᠠᠪᠤᠷᠢᠲᠠᠨ ᠢ ᠬᠦᠮᠦᠵᠢᠬᠦᠯᠬᠦ ᠲᠤᠭᠲᠠᠴᠠᠯᠭ᠎ᠠ ᠶᠢ ᠪᠠᠢᠢᠭᠤᠯᠪᠠ᠃

ᠢᠷᠡᠯᠳᠡ᠄ ᠠᠷᠠᠳ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120791120344320