蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ ᠤᠨ 12 ᠰᠤᠷᠭᠠᠭᠤᠯᠢ ᠳᠤᠮᠳᠠᠳᠤ ᠤᠯᠤᠰ ᠤᠨ ᠠᠵᠢᠯ ᠮᠡᠷᠭᠡᠵᠢᠯ ᠪᠠ ᠲᠤᠰᠬᠠᠢ ᠮᠡᠷᠭᠡᠵᠢᠯ ᠤᠨ ᠳᠡᠭᠡᠳᠤ ᠰᠤᠷᠭᠠᠭᠤᠯᠢ ᠶᠢᠨ 600 ᠬᠦᠴᠦᠷᠬᠡᠭ᠌ ᠢᠶᠡᠷ ᠵᠢᠬᠰᠠᠭᠠᠬᠳᠠᠪᠠ

2017-02-09 11:39

    ᠤᠶᠢᠷ᠎ᠡ ᠶᠢᠨ ᠡᠳᠦᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠦᠨᠡᠯᠡᠯᠲᠡ ᠶᠢᠨ ᠰᠤᠳᠤᠯᠭᠠᠨ ᠤ ᠲᠦᠪ᠂ ᠦᠬᠠᠨ ᠶᠡᠬᠡ ᠰᠤᠷᠭᠠᠭᠤᠯᠢ ᠶᠢᠨ ᠳᠤᠮᠳᠠᠳᠤ ᠤᠯᠤᠰ ᠤᠨ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠵᠢ ᠦᠨᠡᠯᠡᠬᠦ ᠲᠦᠪ ᠪᠤᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠤᠨ ᠦᠨᠡᠯᠡᠯᠲᠡ ᠶᠢᠨ ᠨᠧᠲ ᠡᠴᠡ ᠬᠠᠮᠲᠤᠷᠠᠨ ᠨᠡᠶᠢᠲᠡᠯᠡᠭᠰᠡᠨ《2017-2018 ᠤᠨ ᠤ ᠳᠤᠮᠳᠠᠳᠤ ᠤᠯᠤᠰ ᠤᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠪᠠ ᠲᠤᠰᠬᠠᠢ ᠮᠡᠷᠭᠡᠵᠢᠯ ᠤᠨ ᠳᠡᠭᠡᠳᠤ ᠰᠤᠷᠭᠠᠭᠤᠯᠢ ᠶᠢᠨ ᠦᠷᠢᠰᠦᠯᠳᠦᠭᠡᠨ ᠤ ᠵᠢᠬᠰᠠᠭᠠᠯᠲᠠ(600 ᠬᠦᠴᠦᠷᠬᠡᠭ᠌) ᠶ᠋ᠢᠨ ᠨᠡᠷᠡᠰ》 ᠲᠦ ᠦᠪᠦᠷ ᠮᠤᠨᠭᠭᠤᠯ ᠤᠨ 12 ᠰᠤᠷᠭᠠᠭᠤᠯᠢ ᠪᠠᠬᠲᠠᠬᠰᠠᠨ ᠪᠠᠶᠢᠨ᠎ᠠ᠃

    ᠲᠤᠰ12 ᠰᠤᠷᠭᠠᠭᠤᠯᠢ ᠶᠢᠨ ᠨᠡᠷᠡᠰ ᠢ ᠵᠢᠬᠰᠠᠭᠠᠪᠠᠯ᠄ ᠦᠪᠦᠷ ᠮᠤᠨᠭᠭᠤᠯ ᠤᠨ ᠬᠢᠮᠢ ᠶᠢᠨ ᠠᠵᠦ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ᠂ ᠦᠪᠦᠷ ᠮᠤᠨᠭᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ᠂ ᠦᠪᠦᠷ ᠮᠤᠨᠭᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ᠂ ᠦᠪᠦᠷ ᠮᠤᠨᠭᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ᠂ ᠦᠪᠦᠷ ᠮᠤᠨᠭᠭᠤᠯ ᠤᠨ ᠡᠯᠧᠺᠲ᠋ᠷᠤᠨ ᠮᠡᠳᠡᠭᠡ ᠵᠠᠩᠬᠢ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ᠂ ᠬᠦᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ᠂ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ᠂ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ᠂ ᠪᠤᠭᠤᠲᠤ ᠶᠢᠨ ᠬᠦᠩᠭᠡᠨ ᠠᠵᠦ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ᠂ ᠬᠦᠯᠦᠨ ᠪᠤᠶᠢᠷ ᠤᠨ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ᠂ ᠬᠢᠨᠭᠭᠠᠨ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ᠂ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ ᠵᠡᠷᠭᠡ ᠪᠤᠯᠤᠨ᠎ᠠ᠃

    ᠤᠶᠢᠯᠠᠭᠠᠬᠰᠠᠨ ᠢᠶᠡᠷ᠂ ᠲᠤᠰ ᠵᠢᠬᠰᠠᠭᠠᠯᠲᠠ ᠵᠢ ᠮᠠᠨ ᠤ ᠤᠯᠤᠰ ᠤᠨ 1346 ᠠᠵᠢᠯ ᠮᠡᠷᠭᠡᠵᠢᠯ ᠪᠠ ᠲᠤᠰᠬᠠᠢ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠭᠦᠴᠡᠯ᠂ ᠴᠢᠳᠠᠪᠤᠷᠢᠲᠠᠨ ᠬᠦᠮᠦᠵᠢᠭᠦᠯᠬᠦ ᠪᠠᠶᠢᠳᠠᠯ᠂ ᠰᠤᠷᠭᠠᠭᠤᠯᠢ ᠶᠢᠨ ᠨᠡᠷ᠎ᠡ ᠠᠯᠳᠠᠷᠰᠢᠯ ᠵᠡᠷᠭᠡ ᠵᠢ ᠶᠡᠷᠦᠩᠬᠡᠶᠢᠯᠡᠨ ᠵᠢᠬᠰᠠᠭᠠᠬᠰᠠᠨ ᠤ ᠡᠴᠦᠰ ᠲᠤ ᠲᠤᠳᠤᠷᠠᠭᠤᠯᠤᠬᠰᠠᠨ ᠶᠤᠮ᠃

ᠢᠷᠡᠯᠳᠡ᠄ ᠦᠪᠦᠷ ᠮᠤᠨᠭᠭᠤᠯ ᠤᠨ ᠦᠷᠯᠦᠭᠡ ᠶᠢᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
关闭
010070230030000000000000011100001120438098