蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ᠄ ᠠᠶᠠᠯᠠᠯ ᠵᠢᠭᠤᠯᠴᠢᠯᠠᠯ ᠤᠨ ᠦᠢᠯᠡᠰ ᠢᠶᠡᠷ 27.63 ᠲᠦᠮᠡᠨ ᠬᠦᠮᠦᠨ ᠳᠤ ᠠᠵᠢᠯ ᠤᠨ ᠪᠠᠶᠢᠷᠢ ᠬᠠᠨᠭᠭᠠᠪᠠ

2017-02-10 10:19

    ᠦᠪᠦᠷ ᠮᠤᠨᠭᠭᠤᠯ ᠤᠨ ᠵᠢᠭᠤᠯᠴᠢᠯᠠᠯ ᠤᠨ ᠦᠢᠯᠡᠰ ᠤᠨ ᠬᠦᠭ᠍ᠵᠢᠯᠳᠡ ᠰᠢᠨ᠎ᠠ ᠲᠡᠭᠳᠡᠷ ᠲᠦ ᠠᠬᠢᠵᠤ᠂ ᠦᠷᠬᠡᠨ ᠲᠦᠮᠡᠨ ᠳ᠋ᠤ ᠦᠨᠡᠨ ᠪᠤᠳᠠᠳᠠᠢ ᠦᠷ᠎ᠡ ᠠᠰᠢᠭ ᠤᠯᠭᠤᠯ᠎ᠠ᠃ ᠦᠩᠭᠡᠷᠡᠭᠰᠡᠨ ᠤᠨ ᠳᠤ ᠵᠢᠭᠤᠯᠴᠢᠯᠠᠯ ᠤᠨ ᠦᠢᠯᠡᠰ ᠵᠢᠡᠷ ᠰᠢᠭᠤᠳ ᠠᠵᠢᠯ ᠤᠨ ᠪᠠᠶᠢᠷᠢᠨ ᠳᠤ ᠭᠠᠷᠤᠬᠰᠠᠨ ᠬᠦᠮᠦᠨ 27.63 ᠲᠦᠮᠡ᠂ ᠲᠠᠮ ᠵᠢᠡᠷ ᠠᠵᠢᠯ ᠤᠨ ᠪᠠᠶᠢᠷᠢᠨ ᠳᠤ ᠭᠠᠷᠤᠬᠰᠠᠨ ᠨᠢ 138.15ᠲᠦᠮᠡ ᠳᠤ ᠬᠦᠷᠴᠦ᠂ 2015 ᠤᠨ ᠤ ᠬᠢ ᠡᠴᠡ ᠲᠤᠰᠪᠤᠷᠢ 8840 ᠬᠦᠮᠦᠨ ᠪᠠ 4.4 ᠲᠦᠮᠡᠨ ᠬᠦᠮᠦᠨ ᠨᠡᠮᠡᠭᠳᠡᠵᠠᠢ᠃ ᠮᠠᠯᠵᠢᠬᠤ ᠲᠠᠷᠢᠶᠠᠯᠠᠬᠤ ᠤᠷᠤᠨ ᠤ ᠵᠢᠭᠤᠯᠴᠢᠯᠠᠯ ᠤᠨ ᠦᠢᠯᠡᠰ ᠤᠨ ᠡᠵᠡᠩᠨᠡᠯᠲᠡ ᠳᠤ ᠰᠢᠭᠤᠳ ᠤᠷᠤᠯᠴᠠᠬᠰᠠᠨ ᠮᠠᠯᠴᠢᠨ ᠲᠠᠷᠢᠶᠠᠴᠢᠨ 15 ᠲᠦᠮᠡ᠂ ᠳᠠᠮ ᠢᠶᠡᠷ ᠤᠷᠤᠯᠴᠠᠬᠰᠠᠨ ᠨᠢ 60 ᠭᠠᠷᠤᠢ ᠲᠦᠮᠡ ᠳᠤ ᠬᠦᠷᠴᠦ᠂ ᠦᠪᠦᠷ ᠮᠤᠨᠭᠭᠤᠯ ᠳᠠᠶᠠᠭᠠᠷ ᠤᠳᠤ 462 ᠤᠳᠤᠨ ᠲᠡᠰ ᠤᠨ ᠮᠠᠯᠵᠢᠬᠤ ᠲᠠᠷᠢᠶᠠᠯᠠᠬᠤ ᠤᠷᠤᠨ ᠤ ᠬᠡᠷ ᠪᠦᠯᠢ ᠵᠢᠨ ᠵᠢᠭᠤᠯᠴᠢᠯᠠᠯ ᠤᠨ ᠴᠢᠬ ᠲᠠᠢ ᠪᠤᠯᠤᠬᠰᠠᠨ ᠪᠠᠶᠢᠨ᠎ᠠ᠃

ᠢᠷᠡᠯᠳᠡ᠄ ᠦᠪᠦᠷ ᠮᠤᠨᠭᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
关闭
010070230030000000000000011100001120443465